《ᠬᠡᠷᠦᠯᠦᠨ ᠦ ᠪᠠᠷᠢᠶ᠎ᠠ》ᠨᠡᠷᠡᠮᠵᠢᠲᠤ ᠳᠠᠭᠤᠤ ᠶᠢᠨ ᠤᠷᠤᠯᠳᠤᠭᠠᠨ ᠪᠤᠯᠤᠨ᠎ᠠ | News.MN

《ᠬᠡᠷᠦᠯᠦᠨ ᠦ ᠪᠠᠷᠢᠶ᠎ᠠ》ᠨᠡᠷᠡᠮᠵᠢᠲᠤ ᠳᠠᠭᠤᠤ ᠶᠢᠨ ᠤᠷᠤᠯᠳᠤᠭᠠᠨ ᠪᠤᠯᠤᠨ᠎ᠠ

《ᠬᠡᠷᠦᠯᠦᠨ ᠦ ᠪᠠᠷᠢᠶ᠎ᠠ》 ᠤᠷᠲᠤ ᠶᠢᠨ ᠳᠠᠭᠤᠤ ᠶᠢ ᠴᠢᠩᠭᠢᠰ ᠬᠠᠭᠠᠨ ᠤ ᠦᠶ᠎ᠡ ᠳᠦ ᠳᠠᠭᠤᠯᠠᠵᠤ ᠪᠠᠶᠢᠭᠰᠠᠨ ᠪᠥᠭᠡᠳ ᠠᠯᠤᠰ ᠬᠣᠯᠠ ᠠᠴᠠ ᠳᠡᠭᠦᠦ ᠨᠢ ᠠᠬ᠎ᠠ ᠪᠠᠨ ᠰᠠᠨᠠᠨ ᠮᠥᠷᠥᠭᠡᠳᠴᠦ ᠵᠣᠬᠢᠶᠠᠭᠰᠠᠨ ᠭᠡᠵᠦ ᠰᠤᠳᠤᠯᠤᠭᠠᠴᠢᠳ ᠦᠵᠡᠳᠡᠭ᠃ ᠡᠷᠲᠡᠨ ᠡᠴᠡ ᠳᠠᠭᠤᠯᠠᠵᠤ ᠢᠷᠡᠭᠰᠡᠨ ᠡᠨᠡ ᠳᠠᠭᠤᠤ ᠶᠢ ᠤᠷᠲᠤ ᠶᠢᠨ ᠳᠠᠭᠤᠴᠢ ᠰ∙ᠳ᠋ᠠᠮᠴᠠ ᠱᠠᠪᠢ ᠠᠷᠠᠳ ᠤᠨ ᠵᠦᠴᠦᠭᠡᠴᠢᠨ ᠴ∙ᠰᠢᠷᠠᠬᠡᠤᠬᠡᠨ ᠳᠦ ᠪᠡᠨ ᠵᠢᠭᠠᠵᠤ ᠰᠤᠷᠭᠠᠭᠰᠠᠨ ᠢᠶᠠᠷ ᠲᠦᠮᠡᠨ ᠦ ᠳᠤᠮᠳᠠ ᠲᠦᠭᠡᠨ ᠳᠡᠯᠭᠡᠷᠡᠵᠡᠢ᠃ ᠳᠣᠷᠣᠨᠠᠲᠤ ᠠᠶᠢᠮᠠᠭ ᠤᠨ ᠬᠠᠯᠬ᠎ᠠ ᠭᠣᠣᠯ ᠰᠤᠮᠤ ᠶᠢᠨ ᠤᠤᠭᠠᠯ᠂ ᠮᠣᠩᠭᠣᠯ ᠤᠯᠤᠰ ᠤᠨ ᠠᠯᠳᠠᠷᠲᠤ ᠤᠷᠲᠤ ᠶᠢᠨ ᠳᠠᠭᠤᠴᠢ ᠰᠡᠰᠡᠷᠵᠠ ᠶᠢᠨ ᠳ᠋ᠠᠮᠴᠠ ᠶᠢᠨ ᠨᠡᠷᠡᠮᠵᠢᠲᠦ 《 ᠬᠡᠷᠦᠯᠦᠨ ᠦ ᠪᠠᠷᠢᠶ᠎ᠠ》ᠤᠷᠲᠤ ᠶᠢᠨ ᠳᠠᠭᠤᠤ ᠶᠢᠨ ᠤᠯᠤᠰ ᠤᠨ ᠤᠷᠤᠯᠳᠤᠭᠠᠨ ᠢᠷᠡᠬᠦ ᠰᠠᠷ᠎ᠠ ᠶᠢᠨ 1-2  ᠳᠦ ᠳᠣᠷᠣᠨᠠᠲᠤ ᠠᠶᠢᠮᠠᠭ ᠲᠤ ᠪᠣᠯᠤᠨ᠎ᠠ᠃
ᠰᠡᠴᠡᠨ ᠬᠠᠨ ᠠᠶᠢᠮᠠᠭ ᠤᠨ ᠬᠠᠯᠬ᠎ᠠ ᠶᠢᠨ ᠭᠣᠣᠯ᠂ ᠬᠠᠷ᠎ᠠ ᠳᠡᠯ᠂ ᠬᠤᠷᠬ᠎ᠠ ᠪᠢᠨᠳᠦᠷ ᠠᠶᠠᠯᠭᠤᠨ ᠤ ᠤᠷ᠎ᠠ ᠶᠢᠨ ᠰᠠᠩ ᠢ ᠰᠡᠷᠭᠦᠭᠡᠨ ᠲᠣᠳᠣᠷᠠᠭᠤᠯᠬᠤ᠂ ᠥᠪᠯᠡᠭᠦᠯᠦᠨ ᠳᠡᠯᠭᠡᠷᠡᠭᠦᠯᠬᠦ᠂ ᠡᠨᠡ ᠴᠠᠭ ᠤᠨ ᠤᠷᠲᠤ ᠶᠢᠨ ᠳᠠᠭᠤᠴᠢᠳ ᠤᠨ ᠤᠷ᠎ᠠ ᠴᠢᠳᠠᠪᠤᠷᠢ ᠶᠢ ᠠᠬᠢᠭᠤᠯᠬᠤ᠂ ᠠᠬᠠᠮᠠᠳ ᠦᠶ᠎ᠡ ᠶᠢᠨ ᠤᠷᠲᠤ ᠶᠢᠨ ᠳᠠᠭᠤᠴᠢᠳ ᠤᠨ ᠤᠯᠠᠮᠵᠢᠯᠠᠯᠲᠤ ᠳᠠᠭᠤᠯᠠᠬᠤ ᠠᠷᠭ᠎ᠠ ᠪᠠᠷᠢᠯ᠂ ᠬᠡᠪ ᠨᠠᠮᠪᠠ᠂ ᠲᠢᠭ ᠰᠤᠷᠭᠠᠯᠲᠠ ᠶᠢ ᠰᠤᠳᠤᠯᠤᠨ ᠰᠤᠷᠲᠠᠯᠴᠢᠯᠠᠬᠤ ᠵᠠᠮ ᠢᠶᠠᠷ ᠳᠠᠭᠤᠴᠢᠳ ᠤᠨ ᠵᠠᠯᠭᠠᠮᠵᠢ ᠬᠣᠯᠪᠣᠭ᠎ᠠ ᠶᠢ ᠪᠡᠬᠢᠵᠢᠭᠦᠯᠬᠦ ᠵᠣᠷᠢᠯᠭ᠎ᠠ ᠪᠠᠷ ᠳᠡᠭᠡᠷᠡᠬᠢ ᠤᠷᠤᠯᠳᠤᠭᠠᠨ ᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ᠃

ᠰᠡᠳᠬᠢᠭᠳᠡᠯ ᠦᠯᠡᠳᠡᠭᠡᠬᠦ