ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ《ᠶᠤᠬᠠᠨ ᠺᠢᠮᠪᠧᠷᠯᠢ》ᠺᠣᠮᠫᠠᠨᠢ 10 ᠰᠠᠶ᠎ᠠ ᠮᠣᠳᠣ ᠲᠠᠷᠢᠵᠤ  ᠤᠷᠭᠤᠭᠤᠯᠵᠠᠢ | News.MN

ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ《ᠶᠤᠬᠠᠨ ᠺᠢᠮᠪᠧᠷᠯᠢ》ᠺᠣᠮᠫᠠᠨᠢ 10 ᠰᠠᠶ᠎ᠠ ᠮᠣᠳᠣ ᠲᠠᠷᠢᠵᠤ  ᠤᠷᠭᠤᠭᠤᠯᠵᠠᠢ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ《ᠶᠤᠬᠠᠨ ᠺᠢᠮᠪᠧᠷᠯᠢ》ᠺᠣᠮᠫᠠᠨᠢ ᠶᠢᠨ ᠶᠡᠷᠦᠩᠬᠡᠶᠢᠯᠡᠭᠴᠢ ᠴᠢᠨ ᠵᠧ ᠰᠣᠨ ᠲᠡᠷᠢᠭᠦᠲᠡᠢ ᠲᠥᠯᠥᠭᠡᠯᠡᠭᠴᠢᠳ ᠢ ᠥᠨᠥᠳᠥᠷ ᠬᠦᠯᠢᠶᠡᠨ ᠠᠪᠴᠤ ᠠᠭᠤᠯᠵᠠᠪᠠ᠃ ᠲᠤᠰ ᠺᠣᠮᠫᠠᠨᠢ ᠰᠡᠯᠡᠩᠭᠡ ᠠᠶᠢᠮᠠᠭ ᠲᠠᠢ ᠬᠠᠮᠲᠤᠷᠠᠨ 2003 ᠣᠨ ᠠᠴᠠ 《ᠶᠤᠬᠠᠨ ᠺᠢᠮᠪᠧᠷᠯᠢ ᠣᠢ》 ᠣᠶᠢᠵᠢᠭᠤᠯᠤᠯᠲᠠ ᠶᠢᠨ ᠲᠥᠰᠥᠯ ᠬᠡᠷᠡᠭᠵᠢᠭᠦᠯᠵᠦ ᠲᠤᠵᠢ ᠶᠢᠨ ᠨᠠᠷᠠᠰᠤᠨ ᠳᠤ 10 ᠰᠠᠶ᠎ᠠ ᠮᠣᠳᠣ ᠲᠠᠷᠢᠵᠤ ᠤᠷᠭᠤᠭᠤᠯᠤᠭᠠᠳ ᠪᠠᠶᠢᠨ᠎ᠠ᠃
ᠲᠦᠢᠮᠡᠷ ᠲᠦ ᠥᠷᠲᠦᠭᠰᠡᠨ ᠣᠢ ᠶᠢ ᠨᠥᠬᠥᠨ ᠰᠡᠷᠭᠦᠭᠡᠬᠦ᠂ ᠴᠥᠯᠵᠢᠯᠲᠡ ᠡᠴᠡ ᠰᠡᠷᠭᠡᠶᠢᠯᠡᠬᠦ ᠵᠣᠷᠢᠯᠭ᠎ᠠ ᠪᠠᠷ ᠥᠩᠭᠡᠷᠡᠭᠰᠡᠨ 20 ᠵᠢᠯ ᠦᠨ ᠬᠤᠭᠤᠴᠠᠭᠠᠨ ᠳᠤ ᠲᠤᠵᠢ ᠶᠢᠨ ᠨᠠᠷᠠᠰᠤᠨ ᠤ 3520 ᠭᠠ ᠲᠠᠯᠠᠪᠠᠢ ᠳᠤ ᠣᠶᠢᠵᠢᠭᠤᠯᠤᠯᠲᠠ ᠶᠢᠨ ᠲᠣᠮᠣᠬᠠᠨ ᠲᠥᠰᠥᠯ ᠢ ᠠᠮᠵᠢᠯᠲᠠ ᠲᠠᠢ ᠬᠡᠷᠡᠭᠵᠢᠭᠦᠯᠦᠭᠰᠡᠨ ᠳᠦ ᠮᠣᠩᠭᠣᠯ ᠤᠯᠤᠰ ᠤᠨ ᠶᠡᠷᠦᠩᠬᠡᠶᠢᠯᠡᠭᠴᠢ ᠲᠠᠯᠠᠷᠬᠠᠯ ᠢᠯᠡᠷᠬᠡᠶᠢᠯᠡᠪᠡ᠃ ᠶᠡᠷᠦᠩᠬᠡᠶᠢᠯᠡᠭᠴᠢ ᠶᠢᠨ ᠰᠠᠨᠠᠭᠠᠴᠢᠯᠠᠭᠰᠠᠨ 《ᠲᠡᠷᠪᠤᠮ ᠮᠣᠳᠣ》ᠦᠨᠳᠦᠰᠦᠨ ᠦ ᠬᠥᠳᠡᠯᠭᠡᠭᠡᠨ ᠴᠠᠭ  ᠦᠶ᠎ᠡ ᠪᠡᠨ ᠣᠯᠤᠭᠰᠠᠨ ᠭᠡᠳᠡᠭ ᠢ《ᠶᠤᠬᠠᠨ ᠺᠢᠮᠪᠧᠷᠯᠢ》ᠺᠣᠮᠫᠠᠨᠢ ᠶᠢᠨ ᠶᠡᠷᠦᠩᠬᠡᠶᠢᠯᠡᠭᠴᠢ ᠴᠢᠨ ᠵᠧ ᠰᠣᠨ ᠬᠡᠯᠡᠭᠡᠳ᠂ ᠮᠣᠩᠭᠣᠯᠴᠤᠳ ᠡᠮᠦᠨ᠎ᠡ ᠪᠡᠨ ᠲᠠᠯᠪᠢᠭᠰᠠᠨ ᠵᠣᠷᠢᠯᠲᠠ ᠪᠠᠨ ᠪᠡᠶᠡᠯᠡᠭᠦᠯᠦᠨ᠎ᠡ ᠭᠡᠳᠡᠭ ᠲᠦ ᠢᠲᠡᠭᠡᠯ ᠲᠡᠢ ᠪᠠᠶᠢᠭ᠎ᠠ ᠪᠠᠨ ᠣᠨᠴᠠᠯᠠᠯ᠎ᠠ᠃

ᠰᠡᠳᠬᠢᠭᠳᠡᠯ ᠦᠯᠡᠳᠡᠭᠡᠬᠦ