ᠰᠢᠳᠠᠷ ᠰᠠᠶᠢᠳ ᠪᠥᠭᠡᠳ ᠡᠳ᠋ ᠦᠨ ᠵᠠᠰᠠᠭ᠂ ᠬᠥᠭᠵᠢᠯ ᠦᠨ ᠰᠠᠶᠢᠳ ᠴ ∙ᠬᠦᠷᠡᠯᠪᠠᠭᠠᠲᠤᠷ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠰᠠᠨᠠᠭᠠᠴᠢᠯᠠᠨ ᠪᠣᠯᠪᠠᠰᠤᠷᠠᠭᠤᠯᠤᠭᠰᠠᠨ︽ᠬᠥᠷᠥᠩᠭᠡ ᠣᠷᠣᠭᠤᠯᠤᠯᠲᠠ ᠶᠢᠨ ᠲᠤᠬᠠᠢ︾ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠢ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠳᠤ 06 ᠰᠠᠷ᠎ᠠ ᠶᠢᠨ 23 ᠳᠦ ᠡᠷᠭᠦᠨ ᠮᠡᠳᠡᠭᠦᠯᠦᠯ᠎ᠡ᠃
ᠬᠥᠷᠥᠩᠭᠡ ᠣᠷᠣᠭᠤᠯᠤᠯᠲᠠ ᠶᠢᠨ ᠣᠷᠴᠢᠨ ᠤ ᠲᠣᠭᠲᠠᠪᠤᠷᠢᠲᠠᠢ ᠪᠠᠶᠢᠳᠠᠯ ᠢ ᠬᠠᠩᠭᠠᠬᠤ᠂ ᠬᠥᠷᠥᠩᠭᠡ ᠣᠷᠣᠭᠤᠯᠤᠭᠴᠢ ᠶᠢᠨ ᠡᠷᠬᠡ᠂ ᠬᠠᠤᠯᠢ ᠶᠣᠰᠣᠨ ᠤ ᠠᠰᠢᠭ ᠰᠣᠨᠢᠷᠬᠠᠯ ᠢ ᠬᠠᠮᠠᠭᠠᠯᠠᠬᠤ᠂ ᠭᠣᠮᠣᠳᠠᠯ᠂ ᠮᠠᠷᠭᠤᠭᠠᠨ ᠢ ᠰᠢᠢᠳᠪᠦᠷᠢᠯᠡᠬᠦ ᠠᠰᠠᠭᠤᠳᠠᠯ ᠢ ᠲᠣᠳᠣᠷᠬᠠᠢ ᠪᠣᠯᠭᠠᠬᠤ᠂ ᠲᠥᠷᠥ ᠶᠢᠨ ᠪᠠᠶᠢᠭᠤᠯᠤᠯᠭ᠎ᠠ ᠨᠤᠭᠤᠳ ᠤᠨ ᠬᠢᠨᠠᠯᠲᠠ᠂ ᠰᠢᠯᠭᠠᠯᠲᠠ᠂ ᠲᠥᠷᠥ ᠶᠢᠨ ᠬᠦᠨᠳᠦ ᠰᠤᠷᠲᠠᠯ ᠢ ᠪᠠᠭᠠᠰᠬᠠᠬᠤ᠂ ᠮᠥᠩᠭᠥᠨ ᠦ ᠪᠤᠱᠤᠭ᠎ᠠ ᠦᠭᠡᠢ ᠪᠣᠯᠭᠠᠬᠤ᠂ ᠵᠥᠪᠰᠢᠶᠡᠷᠡᠯ ᠢ ᠬᠢᠯᠪᠠᠷᠰᠢᠭᠤᠯᠬᠤ ᠵᠡᠷᠭᠡ ᠵᠣᠬᠢᠴᠠᠭᠤᠯᠤᠯᠲᠠ ᠶᠢ ᠬᠠᠤᠯᠢ ᠶᠢᠨ ᠲᠥᠰᠥᠯ ᠳᠦ ᠲᠤᠰᠬᠠᠵᠠᠢ᠃