《ᠰᠤᠶᠤᠯ ᠤᠨ ᠨᠠᠭᠠᠳᠤᠮ》  ᠢ 15  ᠳ᠋ᠠᠬᠢ ᠵᠢᠯ ᠳᠦ ᠪᠡᠨ ᠵᠣᠬᠢᠶᠠᠨ ᠪᠠᠶᠢᠭᠤᠯᠤᠨ᠎ᠠ | News.MN

《ᠰᠤᠶᠤᠯ ᠤᠨ ᠨᠠᠭᠠᠳᠤᠮ》  ᠢ 15  ᠳ᠋ᠠᠬᠢ ᠵᠢᠯ ᠳᠦ ᠪᠡᠨ ᠵᠣᠬᠢᠶᠠᠨ ᠪᠠᠶᠢᠭᠤᠯᠤᠨ᠎ᠠ

ᠲᠤᠯᠭᠤᠷ ᠲᠥᠷᠥ ᠶᠢᠨ 2232᠂ ᠶᠡᠬᠡ ᠮᠣᠩᠭᠣᠯ ᠤᠯᠤᠰ ᠤᠨ 817᠂ ᠦᠨᠳᠦᠰᠦᠨ ᠦ ᠡᠷᠬᠡ ᠴᠢᠯᠦᠭᠡ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 112᠂ ᠠᠷᠠᠳ ᠤᠨ ᠬᠤᠪᠢᠰᠬᠠᠯ ᠤᠨ 102 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠦᠷᠢᠶᠡᠨ ᠳᠦ ᠮᠣᠩᠭᠣᠯᠴᠤᠳ ᠤᠨ ᠥᠪ ᠰᠤᠶᠤᠯ᠂ ᠠᠷᠠᠳ ᠤᠨ ᠤᠷᠠᠯᠢᠭ ᠢ ᠰᠤᠷᠲᠠᠯᠴᠢᠯᠠᠬᠤ ᠵᠣᠷᠢᠯᠭ᠎ᠠ ᠲᠠᠢ《ᠰᠤᠶᠤᠯ ᠤᠨ ᠨᠠᠭᠠᠳᠤᠮ》  ᠢ  ᠳᠤᠯᠤᠳᠤᠭᠠᠷ ᠰᠠᠷ᠎ᠠ ᠶᠢᠨ 11᠂ 12  ᠤ ᠡᠳᠦᠷ᠂ ᠤᠶᠠᠭᠠᠴᠢᠳ ᠤᠨ ᠨᠠᠭᠠᠳᠤᠮ ᠢ ᠳᠤᠯᠤᠳᠤᠭᠠᠷ ᠰᠠᠷ᠎ᠠ ᠶᠢᠨ 13  ᠤ ᠡᠳᠦᠷ ᠬᠦᠢ ᠳᠣᠯᠣᠭᠠᠨ ᠬᠤᠳᠳᠤᠭ ᠤᠨ《ᠮᠣᠩᠭᠣᠯ ᠨᠠᠭᠠᠳᠤᠮ》ᠴᠣᠭᠴᠠᠯᠠᠪᠤᠷᠢ ᠳᠤ ᠵᠣᠬᠢᠶᠠᠨ ᠪᠠᠶᠢᠭᠤᠯᠤᠨ᠎ᠠ᠃
ᠨᠡᠭᠦᠳᠡᠯᠴᠢᠨ ᠮᠣᠩᠭᠣᠯᠴᠤᠳ ᠤᠨ ᠡᠪᠦᠭᠡ ᠳᠡᠭᠡᠳᠦᠰ ᠡᠴᠡ ᠤᠯᠠᠮᠵᠢᠯᠠᠨ ᠢᠷᠡᠭᠰᠡᠨ ᠲᠡᠦᠬᠡ ᠰᠤᠶᠤᠯ᠂ ᠳᠠᠪᠲᠠᠭᠳᠠᠰᠢ ᠦᠭᠡᠢ ᠦᠨᠡᠲᠦ ᠥᠪ᠂ ᠤᠷᠠᠯᠢᠭ ᠤᠨ ᠪᠦᠲᠦᠭᠡᠯ ᠡᠴᠡ ᠨᠠᠭᠠᠳᠤᠮᠴᠢᠨ ᠤᠯᠠᠨ ᠳᠤ ᠲᠠᠨᠢᠭᠤᠯᠬᠤ᠂ ᠥᠪ ᠰᠤᠶᠤᠯ ᠢᠶᠠᠨ ᠬᠠᠶᠢᠷᠠᠯᠠᠨ ᠬᠦᠨᠳᠦᠳᠭᠡᠬᠦ᠂ ᠪᠠᠬᠠᠷᠬᠠᠬᠤ ᠰᠡᠳᠬᠢᠭᠳᠡᠯ ᠢ ᠲᠥᠷᠥᠭᠦᠯᠬᠦ ᠳᠦ ᠦᠢᠯᠡ ᠠᠵᠢᠯᠯᠠᠭ᠎ᠠ ᠨᠢ ᠴᠢᠭᠯᠡᠭᠳᠡᠭᠰᠡᠨ ᠡᠨᠡ ᠵᠢᠯ ᠦᠨ《ᠰᠤᠶᠤᠯ ᠤᠨ ᠨᠠᠭᠠᠳᠤᠮ》 ᠤᠨ ᠦᠵᠡᠯ ᠰᠠᠨᠠᠭ᠎ᠠ ᠨᠢ ᠮᠣᠩᠭᠣᠯᠴᠤᠳ ᠤᠨ ᠡᠷᠬᠢᠮᠯᠡᠨ ᠳᠡᠭᠡᠳᠦᠯᠡᠬᠦ ᠦᠨᠡᠲᠦ ᠵᠦᠢᠯᠡᠰ ᠢ ᠲᠦᠭᠡᠭᠡᠨ ᠳᠡᠯᠭᠡᠷᠡᠭᠦᠯᠬᠦ ᠳᠦ ᠣᠷᠣᠰᠢᠨ᠎ᠠ᠃
UNESCO ᠳᠦ ᠪᠦᠷᠢᠳᠬᠡᠭᠦᠯᠦᠭᠰᠡᠨ ᠰᠤᠶᠤᠯ ᠤᠨ ᠪᠡᠶᠡᠲᠦ ᠪᠤᠰᠤ ᠥᠪ ᠢ ᠰᠤᠷᠲᠠᠯᠴᠢᠯᠠᠭᠰᠠᠨ ᠤᠷᠠᠯᠢᠭ ᠤᠨ ᠲᠣᠭᠯᠠᠯᠲᠠ ᠠᠴᠠ ᠭᠠᠳᠠᠨ᠎ᠠ ᠮᠣᠩᠭᠣᠯ ᠲᠦᠮᠡᠨ ᠦ ᠨᠢᠭᠡᠳᠦᠮᠡᠯ ᠦᠨᠡᠲᠦ ᠵᠦᠢᠯᠡᠰ ᠢ ᠠᠭᠤᠯᠤᠭᠰᠠᠨ《ᠮᠣᠩᠭᠣᠯ ᠤᠨ ᠨᠢᠭᠡ ᠡᠳᠦᠷ-ᠰᠤᠶᠤᠯ ᠤᠨ ᠣᠲᠣᠭ》 ᠠᠰᠠᠷ ᠤᠳ ᠢᠶᠠᠷ ᠠᠶᠠᠯᠠᠵᠤ᠂ 《ᠢᠵᠠᠭᠤᠷ ᠤᠷᠠᠯᠢᠭ》᠂ 《ᠮᠣᠩᠭᠣᠯ ᠴᠠᠢ ᠶᠢᠨ ᠰᠤᠶᠤᠯ》᠂《ᠴᠠᠭᠠᠨ ᠢᠳᠡᠭᠡᠨ ᠦ ᠰᠤᠶᠤᠯ》᠂ 《 ᠠᠢᠷᠠᠭ ᠤᠨ ᠰᠤᠶᠤᠯ》᠂《ᠬᠠᠰᠠᠭ ᠰᠤᠶᠤᠯ ᠤᠨ ᠭᠡᠷ》 ᠢᠶᠡᠷ ᠵᠣᠴᠢᠯᠠᠵᠤ᠂ ᠴᠠᠲᠠᠨ ᠲᠦᠮᠡᠨ ᠦ ᠤᠷᠤᠴᠠᠨ ᠳᠤ ᠰᠠᠭᠠᠲᠠᠨ᠂ ᠠᠷᠠᠳ ᠤᠨ ᠤᠯᠠᠮᠵᠢᠯᠠᠯᠲᠤ ᠲᠣᠭᠯᠠᠭᠠᠮ ᠨᠠᠭᠠᠳᠤᠭᠠᠢ᠂ ᠨᠢᠭᠤᠷ ᠪᠤᠳᠤᠯᠲᠠ ᠪᠠ ᠬᠥᠷᠥᠭ ᠵᠢᠷᠤᠭ᠂ ᠤᠷᠠᠨ ᠪᠢᠴᠢᠯᠭᠡ᠂ ᠢᠰᠡᠭᠡᠢ ᠤᠷᠠᠯᠠᠯ᠂ ᠮᠣᠩᠭᠣᠯ ᠤᠭᠰᠠᠭᠠᠲᠠᠨ ᠤ ᠬᠤᠪᠴᠠᠰᠤ᠂ ᠡᠳ᠋ ᠥᠯᠥᠭ ᠦᠨ ᠵᠦᠢᠯᠡᠰ ᠲᠡᠢ ᠲᠠᠨᠢᠯᠴᠠᠵᠤ᠂《ᠠᠪᠤᠷᠭᠤ ᠮᠣᠩᠭᠣᠯ》ᠪᠠᠷᠢᠮᠠᠯ ᠤᠳ ᠲᠠᠢ ᠵᠢᠷᠤᠭ ᠬᠦᠷᠦᠭ ᠢᠶᠡᠨ ᠲᠠᠲᠠᠭᠤᠯᠬᠤ ᠪᠣᠯᠤᠮᠵᠢ ᠶᠢ ᠨᠠᠭᠠᠳᠤᠮᠴᠢᠨ ᠤᠯᠠᠨ ᠳᠤ ᠪᠦᠷᠢᠳᠦᠭᠦᠯᠵᠦ ᠥᠭᠬᠦ ᠶᠤᠮ᠃

ᠰᠡᠳᠬᠢᠭᠳᠡᠯ ᠦᠯᠡᠳᠡᠭᠡᠬᠦ