ᠢᠨᠳᠤᠨᠢᠽ ᠤᠨ ᠭᠠᠳᠠᠭᠠᠳᠤ ᠬᠡᠷᠡᠭ ᠦᠨ ᠰᠠᠶᠢᠳ ᠮᠣᠩᠭᠣᠯ ᠳᠤ ᠠᠶᠢᠯᠴᠢᠯᠠᠨ᠎ᠠ | News.MN

 ᠢᠨᠳᠤᠨᠢᠽ ᠤᠨ ᠭᠠᠳᠠᠭᠠᠳᠤ ᠬᠡᠷᠡᠭ ᠦᠨ ᠰᠠᠶᠢᠳ ᠮᠣᠩᠭᠣᠯ ᠳᠤ ᠠᠶᠢᠯᠴᠢᠯᠠᠨ᠎ᠠ

ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠦᠨ ᠤᠷᠢᠯᠭ᠎ᠠ ᠪᠠᠷ ᠪᠦᠭᠦᠳᠡ ᠨᠠᠶᠢᠷᠠᠮᠳᠠᠬᠤ ᠢᠨᠳᠤᠨᠢᠽ ᠤᠯᠤᠰ ᠤᠨ ᠭᠠᠳᠠᠭᠠᠳᠤ ᠬᠡᠷᠡᠭ ᠦᠨ ᠰᠠᠶᠢᠳ ᠷᠧᠲᠨᠤ᠋ ᠯ ∙ᠫ∙ᠮᠠᠷᠰᠦ᠋ᠳᠢ ᠥᠨᠥᠳᠥᠷ ᠡᠴᠡ ᠡᠬᠢᠯᠡᠨ ᠢᠷᠡᠬᠦ ᠰᠠᠷ᠎ᠠ ᠶᠢᠨ ᠨᠢᠭᠡᠨ ᠦ ᠡᠳᠦᠷ ᠦᠳ ᠲᠦ ᠮᠣᠩᠭᠣᠯ ᠤᠯᠤᠰ ᠲᠤ ᠠᠵᠢᠯ ᠤᠨ ᠠᠶᠢᠯᠴᠢᠯᠠᠯ ᠬᠢᠨ᠎ᠡ᠃ ᠡᠨᠡ ᠬᠦ ᠠᠶᠢᠯᠴᠢᠯᠠᠯ ᠨᠢ ᠢᠨᠳᠤᠨᠢᠽ ᠤᠨ ᠭᠠᠳᠠᠭᠠᠳᠤ ᠬᠡᠷᠡᠭ ᠦᠨ ᠰᠠᠶᠢᠳ ᠤᠨ ᠲᠦᠪᠰᠢᠨ ᠳᠦ 10 ᠵᠢᠯ ᠦᠨ ᠳᠠᠷᠠᠭ᠎ᠠ ᠬᠡᠷᠡᠭᠵᠢᠵᠦ ᠪᠤᠢ ᠠᠶᠢᠯᠴᠢᠯᠠᠯ ᠭᠡᠳᠡᠭ ᠢᠶᠡᠷ ᠢᠶᠡᠨ ᠣᠨᠴᠠᠯᠢᠭ ᠶᠤᠮ᠃
ᠮᠣᠩᠭᠣᠯ ᠤᠯᠤᠰ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠣᠷᠣᠨ ᠨᠤᠭᠤᠳ ᠲᠠᠢ ᠬᠥᠭᠵᠢᠭᠦᠯᠵᠦ ᠪᠤᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠪᠣᠳᠣᠯᠭ᠎ᠠ ᠶᠢᠨ ᠬᠦᠷᠢᠶᠡᠨ ᠳᠦ ᠮᠣᠩᠭᠣᠯ᠂ ᠢᠨᠳᠤᠨᠢᠽ ᠤᠨ ᠨᠠᠶᠢᠷᠰᠠᠭ ᠬᠠᠷᠢᠯᠴᠠᠭ᠎ᠠ ᠶᠢ ᠤᠯᠠᠮ ᠭᠦᠨᠵᠡᠭᠡᠶᠢᠷᠡᠭᠦᠯᠦᠨ ᠪᠡᠬᠢᠵᠢᠭᠦᠯᠬᠦ᠂ ᠬᠤᠳᠠᠯᠳᠤᠭ᠎ᠠ᠂ ᠡᠳ᠋  ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠰᠢᠨ᠎ᠡ ᠠᠭᠤᠯᠭ᠎ᠠ ᠪᠠᠷ ᠪᠠᠶᠠᠵᠢᠭᠤᠯᠬᠤ ᠳᠤ ᠡᠨᠡ ᠬᠦ ᠠᠶᠢᠯᠴᠢᠯᠠᠯ ᠤᠨ ᠵᠣᠷᠢᠯᠭ᠎ᠠ ᠣᠷᠣᠰᠢᠵᠤ ᠪᠠᠶᠢᠨ᠎ᠠ᠃
ᠠᠯᠪᠠᠨ ᠶᠣᠰᠣᠨ ᠤ ᠬᠡᠯᠡᠯᠴᠡᠭᠡᠨ ᠦ ᠦᠶ᠎ᠡ ᠪᠡᠷ ᠭᠠᠳᠠᠭᠠᠳᠤ ᠬᠠᠷᠢᠯᠴᠠᠭᠠᠨ ᠤ ᠰᠠᠶᠢᠳ ᠨᠠᠷ ᠳ᠋ᠢᠫᠯᠣᠮᠠᠲ ᠪᠣᠯᠤᠨ ᠣᠯᠠᠨ ᠤᠯᠤᠰ ᠤᠨ ᠬᠠᠷᠢᠯᠴᠠᠭᠠᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠶᠠᠮᠤᠳ ᠬᠣᠭᠣᠷᠣᠨᠳᠣ ᠶᠢᠨ ᠰᠠᠨᠠᠮᠵᠢ ᠪᠢᠴᠢᠭ ᠲᠦ ᠭᠠᠷ ᠤᠨ ᠦᠰᠦᠭ  ᠵᠢᠷᠤᠵᠤ᠂ ᠷᠧᠲᠨᠤ᠋ ᠯ∙ ᠫ∙ᠮᠠᠷᠰᠦ᠋ᠳᠢ 6 ᠳ᠋ᠤᠭᠠᠷ ᠰᠠᠷ᠎ᠠ ᠶᠢᠨ 29-30  ᠤ ᠡᠳᠦᠷ ᠦᠳ ᠲᠦ ᠤᠯᠠᠭᠠᠨᠪᠠᠭᠠᠲᠤᠷ ᠬᠤᠲᠠᠨ᠎ᠠ ᠵᠣᠬᠢᠶᠠᠨ ᠪᠠᠶᠢᠭᠤᠯᠤᠭᠳᠠᠬᠤ ᠭᠠᠳᠠᠭᠠᠳᠤ ᠬᠡᠷᠡᠭ ᠦᠨ ᠡᠮᠡᠭᠲᠡᠢ ᠰᠠᠶᠢᠳ ᠨᠠᠷ ᠤᠨ ᠠᠭᠤᠯᠵᠠᠯᠲᠠ ᠳᠤ ᠣᠷᠣᠯᠴᠠᠨ᠎ᠠ᠃

ᠰᠡᠳᠬᠢᠭᠳᠡᠯ ᠦᠯᠡᠳᠡᠭᠡᠬᠦ