ᠠᠷᠰᠯᠠᠨ ᠴᠣᠯᠠ ᠲᠠᠢ ᠪᠥᠬᠡ ᠶᠢᠰᠦ ᠳᠠᠪᠠᠨ ᠲᠦᠷᠦᠭᠦᠯᠡᠪᠡᠯ ᠠᠪᠤᠷᠭᠤ ᠴᠣᠯᠠ ᠣᠯᠭᠤᠨ᠎ᠠ | News.MN

ᠠᠷᠰᠯᠠᠨ ᠴᠣᠯᠠ ᠲᠠᠢ ᠪᠥᠬᠡ ᠶᠢᠰᠦ ᠳᠠᠪᠠᠨ ᠲᠦᠷᠦᠭᠦᠯᠡᠪᠡᠯ ᠠᠪᠤᠷᠭᠤ ᠴᠣᠯᠠ ᠣᠯᠭᠤᠨ᠎ᠠ

ᠤᠯᠤᠰ ᠤᠨ ᠶᠡᠬᠡ ᠬᠤᠷᠠᠯ ᠤᠨ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ︽ᠦᠨᠳᠦᠰᠦᠨ ᠦ ᠶᠡᠬᠡ ᠪᠠᠶᠠᠷ ᠨᠠᠭᠠᠳᠤᠮ ᠤᠨ ᠲᠤᠬᠠᠢ︾ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠬᠡᠯᠡᠯᠴᠡᠯ᠎ᠡ᠃ ᠤᠭ ᠬᠠᠤᠯᠢ ᠶᠢᠨ ᠲᠥᠰᠥᠯ ᠢ ᠵᠠᠰᠠᠭ ᠤᠨ ᠭᠠᠵᠠᠷ ᠡᠨᠡ ᠰᠠᠷ᠎ᠠ ᠶᠢᠨ ᠬᠤᠷᠢᠨ ᠭᠤᠷᠪᠠᠨ ᠳᠦ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠵᠡᠢ᠃ ᠬᠠᠤᠯᠢ ᠶᠢᠨ ᠲᠥᠰᠥᠯ ᠢ ᠰᠢᠳᠠᠷ ᠰᠠᠶᠢᠳ ᠰ ∙ ᠠᠮᠤᠷᠰᠠᠶᠢᠬᠠᠨ ᠲᠠᠨᠢᠯᠴᠠᠭᠤᠯᠪᠠ᠃

ᠲᠡᠷᠡ ᠪᠡᠷ᠄︽ᠦᠨᠳᠦᠰᠦᠨ ᠦ ᠶᠡᠬᠡ ᠪᠠᠶᠠᠷ ᠨᠠᠭᠠᠳᠤᠮ ᠤᠨ ᠲᠤᠬᠠᠢ︾ᠬᠠᠤᠯᠢ ᠶᠢᠨ 9.3  ᠳᠦ ᠠᠪᠤᠷᠭᠤ᠂ ᠠᠷᠰᠯᠠᠨ ᠴᠣᠯᠠ ᠲᠠᠢ ᠪᠥᠬᠡ ᠲᠦᠷᠦᠭᠦᠯᠡᠭᠰᠡᠨ ᠲᠣᠬᠢᠶᠠᠯᠳᠤᠯ ᠳᠤ ᠣᠯᠭᠣᠬᠤ ᠴᠣᠯᠠᠨ ᠤ ᠵᠣᠬᠢᠴᠠᠭᠤᠯᠤᠯᠲᠠ ᠶᠢ ᠣᠷᠬᠢᠭᠳᠠᠭᠤᠯᠤᠭᠰᠠᠨ ᠨᠢ ᠬᠡᠶᠢᠳᠡᠯ ᠡᠭᠦᠰᠬᠡᠵᠦ ᠪᠠᠶᠢᠨ᠎ᠠ᠃ ᠲᠡᠶᠢᠮᠦ ᠡᠴᠡ ᠤᠯᠤᠰ ᠤᠨ ᠪᠠᠶᠠᠷ ᠨᠠᠭᠠᠳᠤᠮ ᠳᠤ ᠲᠦᠷᠦᠭᠦᠯᠡᠭᠰᠡᠨ ᠪᠥᠬᠦᠳᠡ ᠣᠯᠭᠣᠬᠤ ᠴᠣᠯᠠ ᠶᠢ ᠨᠠᠷᠢᠪᠴᠢᠯᠠᠨ ᠵᠢᠭᠠᠬᠤ ᠱᠠᠭᠠᠷᠳᠠᠯᠭ᠎ᠠ ᠲᠠᠢ ᠪᠠᠶᠢᠨ᠎ᠠ᠃
ᠡᠨᠡ ᠬᠠᠤᠯᠢ ᠳᠤ ᠰᠡᠷᠭᠦᠭᠡᠰᠢ ᠬᠡᠷᠡᠭᠯᠡᠬᠦ ᠶᠢ ᠬᠤᠷᠢᠭᠯᠠᠬᠤ᠂ ᠬᠡᠷᠡᠭᠯᠡᠭᠰᠡᠨ ᠲᠣᠬᠢᠶᠠᠯᠳᠤᠯ ᠳᠤ ᠬᠦᠯᠢᠶᠡᠯᠭᠡᠬᠦ ᠬᠠᠷᠢᠭᠤᠴᠠᠯᠭ᠎ᠠ ᠶᠢ ᠵᠢᠭᠠᠭᠰᠠᠨ ᠪᠣᠯᠪᠠᠴᠤ ᠡᠨᠡ ᠨᠢ ᠵᠥᠪᠬᠡᠨ ᠤᠯᠤᠰ ᠤᠨ ᠪᠠᠶᠠᠷ ᠨᠠᠭᠠᠳᠤᠮ ᠤᠨ ᠪᠠᠷᠢᠯᠳᠤᠭᠠᠨ ᠳᠤ ᠬᠠᠮᠢᠶᠠᠷᠤᠯ ᠲᠠᠢ ᠪᠥᠭᠡᠳ ᠠᠶᠢᠮᠠᠭ ᠤᠨ ᠪᠠᠶᠠᠷ ᠨᠠᠭᠠᠳᠤᠮ ᠪᠣᠯᠤᠨ ᠲᠡᠭᠦᠨ ᠲᠡᠢ ᠠᠳᠠᠯᠢᠳᠬᠠᠬᠤ ᠪᠠᠷᠢᠯᠳᠤᠭᠠᠨ ᠠᠴᠠ ᠰᠡᠷᠭᠦᠭᠡᠰᠢ ᠶᠢᠨ ᠰᠢᠨᠵᠢᠯᠡᠭᠡ ᠶᠢ ᠵᠠᠶᠢᠯᠠᠰᠢ ᠦᠭᠡᠢ ᠠᠪᠬᠤ ᠱᠠᠭᠠᠷᠳᠠᠯᠭ᠎ᠠ ᠲᠠᠢ ᠪᠠᠶᠢᠨ᠎ᠠ᠃ ᠲᠡᠶᠢᠮᠦ ᠡᠴᠡ ᠠᠶᠢᠮᠠᠭ ᠤᠨ ᠪᠠᠶᠠᠷ ᠨᠠᠭᠠᠳᠤᠮ ᠳᠤ ᠲᠦᠷᠦᠭᠦᠯᠡᠵᠦ ᠦᠵᠦᠭᠦᠷᠯᠡᠭᠰᠡᠨ᠂ ᠰᠢᠪᠦᠭᠡᠷᠡᠭᠰᠡᠨ ᠪᠥᠬᠡᠴᠦᠳ ᠡᠴᠡ ᠰᠡᠷᠭᠦᠭᠡᠰᠢ ᠶᠢᠨ ᠰᠢᠨᠵᠢᠯᠡᠭᠡ ᠠᠪᠬᠤ ᠶᠢ ᠬᠠᠤᠯᠢᠴᠢᠯᠠᠬᠤ ᠪᠠᠷ ᠲᠤᠰᠬᠠᠯ᠎ᠠ᠃
ᠮᠥᠨ 9.3.6 ᠳᠦ《ᠤᠯᠤᠰ ᠤᠨ ᠠᠷᠰᠯᠠᠨ ᠴᠣᠯᠠ ᠲᠠᠢ ᠪᠥᠬᠡ ᠶᠢᠰᠦ ᠳᠠᠪᠠᠨ ᠲᠦᠷᠦᠭᠦᠯᠡᠪᠡᠯ ᠤᠯᠤᠰ ᠤᠨ ᠠᠪᠤᠷᠭᠤ᠂ 9.3.7 ᠳᠦ ᠤᠯᠤᠰ ᠤᠨ ᠠᠪᠤᠷᠭᠤ ᠴᠣᠯᠠ ᠲᠠᠢ ᠪᠥᠬᠡ ᠶᠢᠰᠦ ᠳᠠᠪᠠᠨ ᠲᠦᠷᠦᠭᠦᠯᠡᠪᠡᠯ ᠤᠯᠤᠰ ᠤᠨ ᠳᠠᠶᠠᠩ ᠠᠪᠤᠷᠭᠤ ᠴᠣᠯᠠ ᠣᠯᠭᠤᠨ᠎ᠠ》 ᠬᠡᠮᠡᠨ ᠵᠢᠭᠠᠬᠤ ᠪᠠᠷ ᠬᠠᠤᠯᠢ ᠶᠢᠨ ᠲᠥᠰᠥᠯ ᠳᠦ ᠲᠤᠰᠬᠠᠵᠠᠢ ᠭᠡᠪᠡ᠃

ᠰᠡᠳᠬᠢᠭᠳᠡᠯ ᠦᠯᠡᠳᠡᠭᠡᠬᠦ