《ᠠᠯᠲᠠᠭᠠᠨ᠎ᠠ -2023》ᠪᠥᠰᠡ ᠶᠢᠨ ᠨᠠᠭᠠᠳᠤᠮ ᠵᠣᠬᠢᠶᠠᠨ ᠪᠠᠶᠢᠭᠤᠯᠤᠨ᠎ᠠ | News.MN

《ᠠᠯᠲᠠᠭᠠᠨ᠎ᠠ -2023》ᠪᠥᠰᠡ ᠶᠢᠨ ᠨᠠᠭᠠᠳᠤᠮ ᠵᠣᠬᠢᠶᠠᠨ ᠪᠠᠶᠢᠭᠤᠯᠤᠨ᠎ᠠ

ᠳᠣᠷᠣᠨᠠᠭᠣᠪᠢ ᠠᠶᠢᠮᠠᠭ ᠤᠨ ᠮᠠᠨᠳᠤᠬᠤ᠂ ᠰᠠᠶᠢᠬᠠᠨᠳᠤᠯᠠᠭᠠᠨ᠂ ᠳᠤᠮᠳᠠᠭᠤᠪᠢ ᠠᠶᠢᠮᠠᠭ ᠤᠨ ᠦᠨᠳᠦᠷᠰᠢᠯᠢ ᠰᠤᠮᠤ ᠬᠠᠮᠲᠤᠷᠠᠨ 《ᠠᠯᠲᠠᠭᠠᠨ᠎ᠠ -2023》 ᠪᠥᠰᠡ ᠶᠢᠨ ᠨᠠᠭᠠᠳᠤᠮ ᠵᠣᠬᠢᠶᠠᠨ ᠪᠠᠶᠢᠭᠤᠯᠬᠤ ᠪᠠᠷ ᠲᠥᠯᠥᠪᠯᠡᠵᠡᠢ᠃ ᠬᠥᠷᠰᠢ ᠵᠡᠷᠭᠡᠯᠡᠳᠡᠭᠡ ᠰᠤᠮᠤᠳ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠰᠤᠷᠲᠠᠯᠴᠢᠯᠠᠬᠤ᠂ ᠤᠯᠠᠮᠵᠢᠯᠠᠯᠲᠤ ᠶᠣᠰᠣ ᠵᠠᠩᠰᠢᠯ ᠢᠶᠠᠨ ᠳᠡᠭᠡᠳᠦᠯᠡᠨ᠂ ᠬᠣᠶᠢᠴᠢ ᠦᠶ᠎ᠡ ᠳᠦ ᠪᠡᠨ ᠥᠪᠯᠡᠭᠦᠯᠦᠨ ᠦᠯᠡᠳᠡᠭᠡᠬᠦ ᠵᠣᠷᠢᠯᠭ᠎ᠠ ᠪᠠᠷ ᠲᠤᠰ ᠨᠠᠭᠠᠳᠤᠮ ᠢ ᠰᠠᠶᠢᠬᠠᠨᠳᠤᠯᠠᠭᠠᠨ ᠰᠤᠮᠤ ᠶᠢᠨ ᠠᠯᠲᠠᠭᠠᠨ᠎ᠠ ᠪᠣᠷᠣ ᠲᠡᠭᠡᠭ ᠭᠡᠳᠡᠭ ᠭᠠᠵᠠᠷ ᠡᠨᠡ ᠣᠨ ᠤ  ᠳᠤᠯᠤᠳᠤᠭᠠᠷ ᠰᠠᠷ᠎ᠠ ᠶᠢᠨ 8-9  ᠳᠦ ᠵᠣᠬᠢᠶᠠᠨ ᠪᠠᠶᠢᠭᠤᠯᠬᠤ ᠪᠠᠷ ᠳᠡᠭᠡᠷᠡᠬᠢ ᠰᠤᠮᠤᠳ ᠤᠨ ᠵᠠᠰᠠᠭ ᠳᠠᠷᠤᠭ᠎ᠠ ᠨᠠᠷ ᠬᠠᠷᠢᠯᠴᠠᠨ ᠲᠣᠬᠢᠷᠠᠯᠴᠠᠭᠰᠠᠨ ᠪᠠᠶᠢᠨ᠎ᠠ᠃
ᠨᠠᠭᠠᠳᠤᠮ ᠢᠶᠠᠷ ᠬᠤᠷᠳᠤᠨ ᠮᠣᠷᠢᠨ ᠤ ᠤᠷᠤᠯᠳᠤᠭᠠᠨ᠂ ᠬᠦᠴᠦᠨ ᠪᠥᠬᠡ ᠶᠢᠨ ᠪᠠᠷᠢᠯᠳᠤᠭᠠᠨ᠂ ᠦᠨᠳᠦᠰᠦᠨ ᠦ ᠱᠠᠭ᠎ᠠ᠂ ᠰᠤᠷ ᠤᠨ ᠬᠠᠷᠪᠤᠭᠠᠨ ᠤ ᠲᠡᠮᠡᠴᠡᠭᠡᠨ ᠪᠣᠯᠵᠤ᠂ ᠤᠷᠠᠯᠢᠭ ᠰᠤᠶᠤᠯ ᠤᠨ ᠦᠳᠡᠰᠢ ᠶᠢᠨ ᠴᠡᠩᠭᠡᠭᠦᠨ ᠵᠣᠬᠢᠶᠠᠨ ᠪᠠᠶᠢᠭᠤᠯᠬᠤ ᠶᠤᠮ᠃

ᠰᠡᠳᠬᠢᠭᠳᠡᠯ ᠦᠯᠡᠳᠡᠭᠡᠬᠦ