ᠭ ∙ ᠽᠠᠨᠳᠠᠨᠰᠢᠲᠠᠷ᠎ᠠ᠄ ᠮᠣᠩᠭᠣᠯ ᠬᠦᠮᠦᠨ ᠨᠡᠩ ᠲᠡᠷᠢᠭᠦᠨ ᠳᠦ ᠡᠬᠡ ᠬᠡᠯᠡ ᠪᠡᠨ ᠰᠤᠷᠬᠤ ᠶᠣᠰᠣᠲᠠᠢ | News.MN

ᠭ ∙ ᠽᠠᠨᠳᠠᠨᠰᠢᠲᠠᠷ᠎ᠠ᠄ ᠮᠣᠩᠭᠣᠯ ᠬᠦᠮᠦᠨ ᠨᠡᠩ ᠲᠡᠷᠢᠭᠦᠨ ᠳᠦ ᠡᠬᠡ ᠬᠡᠯᠡ ᠪᠡᠨ ᠰᠤᠷᠬᠤ ᠶᠣᠰᠣᠲᠠᠢ

ᠤᠯᠤᠰ ᠤᠨ ᠶᠡᠬᠡ ᠬᠤᠷᠠᠯ ᠤᠨ ᠬᠠᠪᠤᠷ ᠤᠨ ᠡᠭᠡᠯᠵᠢᠲᠦ ᠴᠢᠭᠤᠯᠭᠠᠨ ᠤ ᠬᠤᠷᠠᠯᠳᠤᠭᠠᠨ ᠥᠴᠥᠭᠡᠳᠦᠷ ᠭᠡᠰᠢᠭᠦᠳ ᠦᠨ 50.7 ᠬᠤᠪᠢ ᠶᠢᠨ ᠢᠷᠡᠴᠡ ᠲᠡᠢ ᠡᠬᠢᠯᠡᠭᠰᠡᠨ ᠪᠥᠭᠡᠳ︽ ᠪᠣᠯᠪᠠᠰᠤᠷᠠᠯ ᠤᠨ ᠶᠡᠷᠦᠩᠬᠡᠢ ᠬᠠᠤᠯᠢ︾ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠪᠣᠯᠤᠨ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠦᠳ ᠦᠨ ᠠᠩᠬᠠᠨ ᠤ ᠬᠡᠯᠡᠯᠴᠡᠭᠦᠯᠭᠡ ᠶᠢ ᠬᠢᠪᠡ᠃
ᠲᠡᠳᠡ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠪᠠᠶᠢᠩᠭᠤ ᠶᠢᠨ ᠬᠣᠷᠢᠶᠠᠨ ᠠᠴᠠ ᠪᠡᠯᠡᠳᠬᠡᠭᠰᠡᠨ ᠵᠠᠷᠴᠢᠮ ᠤᠨ ᠵᠦᠷᠢᠶ᠎ᠠ ᠲᠡᠢ 9 ᠰᠠᠨᠠᠯ ᠤᠨ ᠲᠣᠮᠢᠶᠠᠯᠠᠯ ᠢᠶᠠᠷ ᠰᠠᠨᠠᠯ ᠬᠤᠷᠢᠶᠠᠯᠲᠠ ᠶᠠᠪᠤᠭᠤᠯᠤᠯ᠎ᠠ᠃ ᠡᠭᠦᠨ ᠳᠦ ᠄︽ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠳᠤ ᠰᠤᠳᠤᠯᠬᠤ ᠭᠠᠳᠠᠭᠠᠳᠤ ᠬᠡᠯᠡ ᠨᠢ ᠰᠤᠷᠭᠠᠯᠲᠠ ᠶᠢᠨ ᠦᠨᠳᠦᠰᠦᠨ ᠦ ᠬᠥᠲᠥᠯᠪᠦᠷᠢ ᠶᠢᠨ ᠦᠵᠡᠯ ᠪᠠᠷᠢᠮᠲᠠᠯᠠᠯ ᠳᠤ ᠵᠢᠭᠠᠭᠰᠠᠨ ᠬᠡᠯᠡ ᠪᠠᠶᠢᠨ᠎ᠠ︾ᠭᠡᠰᠡᠨ ᠠᠭᠤᠯᠭ᠎ᠠ ᠲᠠᠢ 6.5᠂ 6.6 ᠳ᠋ᠠᠬᠢ ᠬᠡᠰᠡᠭ ᠢ ᠨᠡᠮᠡᠬᠦ ᠰᠠᠨᠠᠯ ᠤᠨ  ᠲᠤᠬᠠᠢ ᠭᠡᠰᠢᠭᠦᠳ ᠪᠠᠶᠢᠷᠢ ᠰᠠᠭᠤᠷᠢ ᠪᠠᠨ ᠢᠯᠡᠷᠬᠡᠶᠢᠯᠡᠭᠰᠡᠨ ᠶᠤᠮ᠃
ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠄《ᠡᠨᠡ ᠠᠰᠠᠭᠤᠳᠠᠯ ᠢ ᠤᠯᠤᠰ ᠲᠥᠷᠦᠵᠢᠭᠦᠯᠬᠦ ᠨᠢ ᠵᠣᠬᠢᠰ ᠦᠭᠡᠢ᠃  ᠬᠠᠤᠯᠢ ᠶᠢᠨ ᠲᠥᠰᠥᠯ ᠳᠦ ᠬᠣᠯᠪᠣᠭᠳᠠᠬᠤ ᠵᠢᠭᠠᠯᠲᠠ ᠶᠢ ᠲᠣᠳᠣᠷᠬᠠᠢ ᠲᠤᠰᠬᠠᠭ᠎ᠠ ᠦᠭᠡᠢ ᠭᠡᠳᠡᠭ ᠨᠢ ᠠᠩᠭᠯᠢ ᠬᠡᠯᠡ ᠶᠢ ᠳᠡᠮᠵᠢᠬᠦ ᠦᠭᠡᠢ ᠪᠠᠶᠢᠨ᠎ᠠ ᠭᠡᠰᠡᠨ ᠦᠭᠡ ᠪᠢᠰᠢ᠃ ᠮᠣᠩᠭᠣᠯ ᠤᠯᠤᠰ ᠤᠨ ᠢᠷᠭᠡᠨ ᠨᠡᠩ ᠲᠡᠷᠢᠭᠦᠨ ᠳᠦ ᠡᠬᠡ ᠬᠡᠯᠡ ᠪᠡᠨ ᠰᠤᠷᠬᠤ ᠶᠣᠰᠣᠲᠠᠢ᠃ ᠦᠨᠳᠦᠰᠦᠨ ᠦ ᠠᠶᠤᠯᠭᠦᠢ ᠪᠠᠶᠢᠳᠠᠯ᠂ ᠦᠨᠳᠦᠰᠦᠨ ᠦ ᠪᠣᠳᠣᠯᠭ᠎ᠠ ᠨᠢ ᠲᠥᠷᠥᠯᠬᠢ ᠬᠡᠯᠡ ᠪᠡᠨ ᠳᠡᠮᠵᠢᠬᠦ ᠪᠠᠶᠢᠳᠠᠭ᠃
ᠲᠡᠶᠢᠮᠦ ᠡᠴᠡ ᠣᠯᠠᠨ ᠤᠯᠤᠰ ᠤᠨ ᠵᠢᠱᠢᠭ ᠢᠶᠡᠷ ᠰᠤᠷᠭᠠᠯᠲᠠ ᠶᠢᠨ ᠬᠥᠲᠥᠯᠪᠦᠷᠢ ᠪᠡᠷ ᠡᠨᠡ ᠠᠰᠠᠭᠤᠳᠠᠯ ᠢ ᠰᠢᠢᠳᠬᠦ ᠨᠢ ᠣᠨᠣᠪᠴᠢᠲᠠᠢ᠃ ᠠᠯᠢ ᠨᠢᠭᠡ ᠬᠡᠯᠡᠨ ᠳᠦ ᠬᠠᠶᠢᠷᠠᠲᠠᠢ᠂ ᠡᠰᠡᠪᠡᠯ ᠠᠯᠢ ᠨᠢᠭᠡ ᠤᠯᠤᠰ ᠤᠨ ᠲᠤᠯᠭᠠᠨ  ᠱᠠᠭᠠᠷᠳᠠᠯᠲᠠ ᠶᠤᠮ ᠰᠢᠭ᠋ ᠤᠯᠤᠰ ᠲᠥᠷᠦᠵᠢᠭᠦᠯᠵᠦ᠂ ᠠᠰᠠᠭᠤᠳᠠᠯ ᠢ ᠳᠡᠪᠡᠷᠭᠡᠨ ᠣᠯᠠᠨ ᠲᠦᠮᠡᠨ ᠢ ᠲᠠᠯᠠᠴᠢᠭᠤᠯᠬᠤ ᠨᠢ ᠵᠣᠬᠢᠰ ᠦᠭᠡᠢ᠃
ᠪᠣᠯᠪᠠᠰᠤᠷᠠᠯ ᠢ ᠲᠡᠭᠰᠢ᠂ ᠬᠦᠷᠲᠡᠭᠡᠮᠵᠢᠲᠡᠢ ᠪᠣᠯᠭᠠᠬᠤ ᠨᠢ ᠪᠣᠯᠪᠠᠰᠤᠷᠠᠯ ᠤᠨ ᠷᠧᠹᠤᠷᠮ ᠤᠨ ᠭᠣᠣᠯ ᠴᠢᠭᠯᠡᠯ ᠪᠠᠶᠢᠬᠤ ᠶᠣᠰᠣᠲᠠᠢ᠃ ᠬᠡᠦᠬᠡᠳ ᠪᠦᠷ ᠭᠠᠳᠠᠭᠠᠳᠤ ᠬᠡᠯᠡ ᠲᠡᠳᠦᠢ ᠦᠭᠡᠢ᠂  ᠲᠤᠭᠠᠨ ᠤ ᠤᠬᠠᠭᠠᠨ᠂ ᠹᠢᠽᠢᠺ᠂ ᠰᠢᠨᠵᠢᠯᠡᠬᠦ ᠤᠬᠠᠭᠠᠨ ᠤ ᠬᠢᠴᠢᠶᠡᠯ ᠦᠳ ᠢ ᠰᠤᠷᠤᠯᠴᠠᠬᠤ ᠲᠡᠭᠰᠢ ᠪᠣᠯᠤᠮᠵᠢ ᠪᠠᠷ ᠬᠠᠩᠭᠠᠭᠳᠠᠬᠤ ᠶᠣᠰᠣᠲᠠᠢ》ᠭᠡᠪᠡ᠃

ᠰᠡᠳᠬᠢᠭᠳᠡᠯ ᠦᠯᠡᠳᠡᠭᠡᠬᠦ