《SheTrades Hub》 ᠦᠨ 14 ᠳ᠋ᠡᠬᠢ ᠲᠥᠪ ᠮᠣᠩᠭᠣᠯ ᠳᠦ ᠪᠠᠶᠢᠭᠤᠯᠤᠭᠳᠠᠯ᠎ᠠ | News.MN

《SheTrades Hub》 ᠦᠨ 14 ᠳ᠋ᠡᠬᠢ ᠲᠥᠪ ᠮᠣᠩᠭᠣᠯ ᠳᠦ ᠪᠠᠶᠢᠭᠤᠯᠤᠭᠳᠠᠯ᠎ᠠ

ᠣᠯᠠᠨ ᠤᠯᠤᠰ ᠤᠨ ᠬᠤᠳᠠᠯᠳᠤᠭᠠᠨ ᠤ ᠲᠥᠪ ᠦᠨ ᠳᠡᠷᠭᠡᠳᠡᠬᠢ ᠡᠮᠡᠭᠲᠡᠢ ᠪᠢᠽᠢᠨᠧᠰ ᠡᠷᠬᠢᠯᠡᠭᠴᠢᠳ ᠢ ᠳᠡᠮᠵᠢᠬᠦ 《SheTrades Hub》  ᠦᠨ 14 ᠳ᠋ᠡᠬᠢ ᠲᠥᠪ ᠮᠣᠩᠭᠣᠯ ᠤᠯᠤᠰ ᠲᠤ ᠪᠠᠶᠢᠭᠤᠯᠤᠭᠳᠠᠭᠰᠠᠨ ᠢ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠮᠡᠳᠡᠭᠡᠯᠡᠯ᠎ᠡ᠃ ᠡᠨᠡ ᠬᠦ ᠲᠥᠪ ᠢᠶᠡᠷ ᠳᠠᠮᠵᠢᠭᠤᠯᠤᠨ ᠡᠮᠡᠭᠲᠡᠢ ᠪᠢᠽᠢᠨᠧᠰ ᠡᠷᠬᠢᠯᠡᠭᠴᠢᠳ ᠦᠨ ᠰᠢᠨ᠎ᠡ ᠨᠡᠲᠪᠤᠷᠺᠢᠨ ᠫᠯᠠᠲ᠋ᠹᠣᠷᠮ ᠪᠤᠢ ᠪᠣᠯᠵᠤ᠂ ᠦᠢᠯᠡ ᠠᠵᠢᠯᠯᠠᠭ᠎ᠠ ᠪᠠᠨ ᠥᠷᠭᠡᠵᠢᠭᠦᠯᠵᠦ ᠬᠠᠷᠢᠯᠴᠠᠨ ᠲᠤᠷᠰᠢᠯᠭ᠎ᠠ ᠰᠤᠯᠢᠯᠴᠠᠬᠤ ᠪᠣᠯᠤᠮᠵᠢ ᠲᠠᠢ᠃ ᠮᠥᠨ ᠳᠡᠯᠡᠬᠡᠢ ᠶᠢᠨ ᠬᠤᠳᠠᠯᠳᠤᠭᠠᠨ ᠤ ᠵᠠᠬ᠎ᠠ ᠵᠡᠭᠡᠯᠢ ᠳᠦ ᠣᠷᠣᠯᠴᠠᠬᠤ ᠠᠴᠠ ᠭᠠᠳᠠᠨ᠎ᠠ ᠬᠦᠢᠰᠦ ᠶᠢᠨ ᠲᠡᠭᠰᠢ ᠪᠠᠶᠢᠳᠠᠯ ᠢ ᠬᠠᠩᠭᠠᠬᠤ᠂ ᠡᠳ᠋  ᠦᠨ ᠵᠠᠰᠠᠭ ᠤᠨ ᠥᠰᠦᠯᠲᠡ᠂ ᠦᠷᠢᠰᠦᠯᠳᠦᠬᠦ ᠴᠢᠳᠠᠪᠤᠷᠢ ᠶᠢ ᠨᠡᠮᠡᠭᠳᠡᠭᠦᠯᠬᠦ ᠴᠢᠬᠤᠯᠠ ᠠᠴᠢ ᠬᠣᠯᠪᠣᠭᠳᠠᠯ ᠲᠠᠢ ᠶᠢ ᠲᠣᠳᠣᠳᠬᠠᠭᠰᠠᠨ ᠪᠠᠶᠢᠨ᠎ᠠ᠃
ᠰᠤᠳᠤᠯᠭ᠎ᠠ ᠪᠠᠷ 2021 ᠣᠨ ᠤ ᠪᠠᠶᠢᠳᠠᠯ ᠢᠶᠠᠷ ᠮᠣᠩᠭᠣᠯ ᠤᠯᠤᠰ ᠲᠤ 147 ᠮᠢᠩᠭᠠᠨ ᠠᠵᠤ ᠠᠬᠤᠢ ᠶᠢᠨ ᠨᠢᠭᠡᠴᠡ ᠪᠦᠷᠢᠳᠬᠡᠭᠳᠡᠭᠰᠡᠨ ᠦ 37 ᠬᠤᠪᠢ ᠨᠢ ᠡᠮᠡᠭᠲᠡᠢ᠂ 63 ᠬᠤᠪᠢ ᠨᠢ ᠡᠷᠡᠭᠲᠡᠢ ᠵᠠᠬᠢᠷᠤᠯ ᠲᠠᠢ ᠪᠠᠶᠢᠭ᠎ᠠ ᠶᠤᠮ᠃ ᠮᠥᠨ ᠡᠮᠡᠭᠲᠡᠢ ᠪᠢᠽᠢᠨᠧᠰ ᠡᠷᠬᠢᠯᠡᠭᠴᠢᠳ ᠡᠷᠡᠴᠦᠳ ᠡᠴᠡ ᠢᠯᠡᠭᠦᠦ ᠥᠭᠡᠳᠡᠷᠡᠭ ᠢᠶᠡᠷ ᠪᠢᠽᠢᠨᠧᠰ  ᠢᠶᠡᠨ ᠲᠥᠯᠥᠪᠯᠡᠵᠦ ᠠᠵᠢᠯᠯᠠᠳᠠᠭ᠂ ᠪᠢᠽᠢᠨᠧᠰ ᠨᠢ ᠤᠷᠲᠤ ᠨᠠᠰᠤ ᠲᠠᠢ ᠪᠠᠶᠢᠳᠠᠭ ᠭᠡᠰᠡᠨ  ᠰᠤᠳᠤᠯᠭ᠎ᠠ ᠪᠠᠶᠢᠨ᠎ᠠ᠃

ᠰᠡᠳᠬᠢᠭᠳᠡᠯ ᠦᠯᠡᠳᠡᠭᠡᠬᠦ