ᠭᠤᠷᠪᠠᠳᠤᠭᠠᠷ ᠵᠠᠭᠤᠨ ᠳᠤ ᠬᠠᠮᠢᠶᠠᠷᠬᠤ᠂ ᠬᠠᠳᠠᠨ ᠤ ᠣᠷᠣᠰᠢᠭᠤᠯᠭ᠎ᠠ ᠶᠢ ᠳᠡᠯᠭᠡᠨ ᠦᠵᠡᠭᠦᠯᠵᠦ ᠪᠠᠶᠢᠨ᠎ᠠ | News.MN

ᠭᠤᠷᠪᠠᠳᠤᠭᠠᠷ ᠵᠠᠭᠤᠨ ᠳᠤ ᠬᠠᠮᠢᠶᠠᠷᠬᠤ᠂ ᠬᠠᠳᠠᠨ ᠤ ᠣᠷᠣᠰᠢᠭᠤᠯᠭ᠎ᠠ ᠶᠢ ᠳᠡᠯᠭᠡᠨ ᠦᠵᠡᠭᠦᠯᠵᠦ ᠪᠠᠶᠢᠨ᠎ᠠ

︽ᠴᠢᠩᠭᠢᠰ ᠬᠠᠭᠠᠨ︾ᠦᠨᠳᠦᠰᠦᠨ ᠦ ᠮᠦᠽᠧᠢ᠂ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠠᠷᠾᠧᠤᠯᠤᠭᠢ ᠶᠢᠨ ᠬᠦᠷᠢᠶᠡᠯᠡᠩ ᠲᠡᠢ ᠬᠠᠮᠲᠤᠷᠠᠨ ᠵᠣᠬᠢᠶᠠᠨ ᠪᠠᠶᠢᠭᠤᠯᠵᠤ ᠪᠤᠢ《 ᠬᠠᠳᠠᠨ ᠭᠡᠷ ᠦᠨ ᠡᠵᠡᠨ》ᠲᠤᠰᠬᠠᠢ ᠦᠵᠡᠰᠬᠦᠯᠡᠩ ᠢ ᠥᠨᠥᠳᠥᠷ ᠨᠡᠭᠡᠭᠡᠪᠡ᠃ ᠲᠠ ᠡᠨᠡ ᠦᠵᠡᠰᠬᠦᠯᠡᠩ ᠡᠴᠡ  ᠭᠤᠷᠪᠠᠳᠤᠭᠠᠷ ᠵᠠᠭᠤᠨ ᠤ ᠦᠶ᠎ᠡ ᠳᠦ ᠬᠠᠮᠢᠶᠠᠷᠬᠤ ᠤᠷᠳᠤ ᠤᠯᠠᠭᠠᠨ ᠦᠨᠢᠶᠡᠲᠦ ᠬᠡᠮᠡᠬᠦ ᠭᠠᠵᠠᠷ ᠠᠴᠠ ᠣᠯᠳᠠᠭᠰᠠᠨ ᠬᠠᠳᠠᠨ ᠤ ᠣᠷᠣᠰᠢᠭᠤᠯᠭ᠎ᠠ ᠠᠴᠠ ᠡᠬᠢᠯᠡᠭᠡᠳ ᠠᠷᠪᠠᠨ ᠵᠢᠷᠭᠤᠳᠤᠭᠠᠷ ᠵᠠᠭᠤᠨ ᠬᠦᠷᠲᠡᠯᠡᠬᠢ ᠬᠠᠳᠠᠨ ᠤ ᠣᠷᠣᠰᠢᠭᠤᠯᠭ᠎ᠠ ᠶᠢᠨ ᠳᠤᠷᠠᠰᠬᠠᠯ ᠤᠳ ᠲᠠᠢ ᠲᠠᠨᠢᠯᠴᠠᠬᠤ ᠶᠤᠮ᠃
︽ᠴᠢᠩᠭᠢᠰ ᠬᠠᠭᠠᠨ︾ᠦᠨᠳᠦᠰᠦᠨ ᠦ ᠮᠦᠽᠧᠢ ᠶᠢᠨ ᠦᠵᠡᠰᠬᠦᠯᠡᠩ᠂ ᠵᠣᠬᠢᠶᠠᠨ ᠪᠠᠶᠢᠭᠤᠯᠤᠯᠲᠠ ᠶᠢᠨ ᠬᠡᠯᠲᠡᠰ ᠦᠨ ᠳᠠᠷᠤᠭ᠎ᠠ ᠨ ∙ ᠬᠣᠣᠰᠪᠠᠶᠠᠷ᠄ ᠡᠨᠡ ᠦᠵᠡᠰᠬᠦᠯᠡᠩ ᠬᠠᠳᠠᠨ ᠤ ᠣᠷᠣᠰᠢᠭᠤᠯᠭ᠎ᠠ ᠶᠢᠨ ᠵᠠᠩ ᠦᠢᠯᠡ᠂ ᠬᠠᠳᠠᠨ ᠤ ᠣᠷᠣᠰᠢᠭᠤᠯᠭ᠎ᠠ ᠠᠴᠠ ᠢᠯᠡᠷᠡᠭᠰᠡᠨ ᠳᠤᠷᠠᠰᠬᠠᠯ ᠤᠳ ᠠᠴᠠ ᠪᠦᠷᠢᠳᠦᠭᠰᠡᠨ᠃ ᠮᠣᠩᠭᠣᠯ ᠳᠤ ᠣᠯᠠᠨ ᠲᠥᠷᠥᠯ ᠦᠨ ᠣᠷᠣᠰᠢᠭᠤᠯᠭ᠎ᠠ ᠶᠢᠨ ᠬᠡᠯᠪᠡᠷᠢ ᠪᠤᠢ᠃ ᠡᠭᠦᠨ ᠦ ᠨᠢᠭᠡ ᠨᠢ ᠬᠠᠳᠠᠨ ᠤ ᠣᠷᠣᠰᠢᠭᠤᠯᠭ᠎ᠠ᠃ ᠪᠤᠰᠤᠳ ᠤᠯᠤᠰ ᠣᠷᠣᠨ ᠢ ᠪᠣᠳᠣᠪᠠᠯ ᠮᠠᠨ ᠤ ᠤᠯᠤᠰ ᠲᠤ ᠢᠯᠡᠭᠦᠦ ᠢᠯᠡᠷᠡᠳᠡᠭ᠃ ᠦᠵᠡᠭᠴᠢᠳ ᠲᠦ ᠰᠣᠨᠢᠷᠬᠠᠯᠲᠠᠢ ᠪᠠᠶᠢᠯᠭᠠᠬᠤ ᠡᠭᠦᠳᠡᠨ ᠡᠴᠡ ᠬᠠᠳᠠᠨ ᠤ ᠣᠷᠣᠰᠢᠭᠤᠯᠭ᠎ᠠ ᠶᠢ ᠬᠠᠷᠠᠭᠤᠯᠤᠭᠰᠠᠨ ᠵᠠᠭᠪᠤᠷ᠂ ᠵᠠᠷᠢᠮ ᠳᠤᠷᠠᠰᠬᠠᠯ ᠢ ᠰᠡᠷᠭᠦᠭᠡᠵᠦ ᠲᠠᠯᠪᠢᠯ᠎ᠠ᠃ 20 ᠣᠷᠴᠢᠮ ᠳᠤᠷᠠᠰᠬᠠᠯ᠂ 15 ᠬᠠᠳᠠᠨ ᠤ ᠣᠷᠣᠰᠢᠭᠤᠯᠭ᠎ᠠ ᠠᠴᠠ ᠪᠥᠷᠢᠳᠴᠦ ᠪᠠᠶᠢᠨ᠎ᠠ᠃ ᠮᠣᠩᠭᠣᠯᠴᠤᠳ ᠶᠠᠭᠤ ᠡᠮᠦᠰᠴᠦ ᠬᠡᠷᠡᠭᠯᠡᠵᠦ ᠪᠠᠶᠢᠭᠰᠠᠨ ᠢ ᠬᠠᠷᠠᠵᠤ ᠪᠣᠯᠤᠨ᠎ᠠ᠃ ᠬᠠᠳᠠᠨ ᠤ ᠣᠷᠣᠰᠢᠭᠤᠯᠭ᠎ᠠ ᠶᠢᠨ ᠲᠥᠷᠥᠯ ᠵᠦᠢᠯ ᠳᠦ ᠬᠠᠮᠤᠷᠤᠭᠳᠠᠬᠤ 130 ᠭᠠᠷᠤᠢ ᠡᠳ᠋ ᠥᠯᠥᠭ ᠦᠨ ᠵᠦᠢᠯ ᠢ ᠪᠢᠳᠡ ᠢᠯᠡᠷᠡᠭᠦᠯᠦᠭᠰᠡᠨ ᠭᠡᠪᠡ᠃

Geek Slate ᠨᠢ 2023 ᠣᠨ ᠤ ᠬᠣᠶᠠᠳᠤᠭᠠᠷ ᠤᠯᠠᠷᠢᠯ ᠳᠤ ᠳᠡᠭᠡᠳᠦ ᠯᠢᠭ ᠡᠴᠡ ᠤᠨᠠᠭᠰᠠᠨ ᠪᠥᠭᠡᠳ ᠡᠶᠢᠨᠬᠦᠦ ᠡᠷᠭᠢᠨ ᠳᠡᠪᠰᠢᠵᠦ ᠪᠠᠶᠢᠨ᠎ᠠ᠃ ᠵᠡᠭᠦᠨ ᠡᠮᠦᠨᠡᠲᠦ ᠠᠽᠢᠶ᠎ᠠ ᠶᠢᠨ ᠳᠡᠭᠡᠳᠦ ᠯᠢᠭ ᠡᠴᠡ XERXIA ᠪᠣᠯᠤᠨ BOOM Esports ᠪᠠᠭ ᠤᠳ ᠳᠠᠷᠠᠭ᠎ᠠ ᠶᠢᠨ ᠤᠯᠠᠷᠢᠯ ᠳᠤ ᠤᠨᠠᠬᠤ ᠨᠢ ᠲᠣᠳᠣᠷᠬᠠᠢ ᠪᠣᠯᠤᠭᠰᠠᠨ ᠪᠥᠭᠡᠳ ᠮᠣᠩᠭᠣᠯ ᠵᠠᠯᠠᠭᠤᠰ Talon Esports᠂ Bleed Esports ᠵᠡᠷᠭᠡ ᠳᠡᠯᠡᠬᠡᠢ ᠶᠢᠨ ᠰᠢᠯᠢᠳᠡᠭ ᠦᠳ ᠲᠡᠢ ᠥᠷᠢᠰᠦᠯᠳᠦᠨ᠎ᠡ᠃

ᠰᠡᠳᠬᠢᠭᠳᠡᠯ ᠦᠯᠡᠳᠡᠭᠡᠬᠦ