ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠳᠦ ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠷᠦᠩᠬᠡᠶᠢᠯᠡᠭᠴᠢ ᠵ ∙ ᠪᠠᠶᠢᠳᠧᠨ ᠮᠣᠩᠭᠣᠯ ᠤᠯᠤᠰ ᠤᠨ ᠦᠨᠳᠦᠰᠦᠨ ᠦ ᠶᠡᠬᠡ ᠨᠠᠭᠠᠳᠤᠮ ᠢ ᠲᠣᠬᠢᠶᠠᠯᠳᠤᠭᠤᠯᠤᠨ ᠮᠡᠨᠳᠦᠴᠢᠯᠡᠭᠡ ᠢᠷᠡᠭᠦᠯᠪᠡ᠃
ᠲᠡᠷᠡᠪᠡᠷ ᠮᠡᠨᠳᠦᠴᠢᠯᠡᠭᠡᠨ ᠳᠦ ᠪᠡᠨ᠄《ᠮᠣᠩᠭᠣᠯ ᠤᠯᠤᠰ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠲᠦᠩᠰᠢᠯᠡᠯ ᠦᠨ ᠬᠠᠷᠢᠯᠴᠠᠭ᠎ᠠ ᠨᠢ ᠠᠷᠠᠳᠴᠢᠯᠠᠯ᠂ ᠬᠠᠤᠯᠢ ᠳᠡᠭᠡᠳᠦᠯᠡᠬᠦ ᠶᠣᠰᠣ᠂ ᠡᠷᠬᠡ ᠴᠢᠯᠦᠭᠡᠨ ᠳᠦ ᠲᠤᠯᠭᠠᠭᠤᠷᠢᠯᠠᠭᠰᠠᠨ ᠪᠢᠳᠡᠨ ᠦ ᠬᠠᠮᠲᠤ ᠶᠢᠨ ᠦᠨᠡᠲᠦ ᠵᠦᠢᠯᠡᠰ ᠪᠣᠯᠤᠨ ᠳᠡᠯᠡᠬᠡᠢ ᠶᠢᠨ ᠲᠥᠯᠦᠭᠡᠬᠢ ᠠᠯᠤᠰ ᠤᠨ ᠬᠠᠷᠠᠭ᠎ᠠ ᠶᠢ ᠤᠷᠤᠭᠰᠢᠯᠠᠭᠤᠯᠬᠤ ᠳᠤ ᠳᠡᠮᠵᠢᠯᠭᠡ ᠦᠵᠡᠭᠦᠯᠵᠦ ᠢᠷᠡᠭᠰᠡᠨ᠃ ᠪᠢᠳᠡ ᠬᠠᠮᠲᠤ ᠳᠤ ᠪᠠᠨ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠦᠷ᠎ᠡ ᠨᠥᠯᠥᠭᠡ ᠶᠢ ᠰᠠᠭᠠᠷᠠᠭᠤᠯᠬᠤ᠂ ᠠᠷᠠᠳᠴᠢᠯᠠᠭᠰᠠᠨ ᠲᠤᠭᠲᠠᠯᠴᠠᠭ᠎ᠠ ᠶᠢ ᠪᠡᠬᠢᠵᠢᠭᠦᠯᠬᠦ᠂ ᠭᠡᠮᠲᠦ ᠬᠡᠷᠡᠭ᠂ ᠠᠪᠯᠢᠭ᠎ᠠ ᠲᠠᠢ ᠲᠡᠮᠡᠴᠡᠬᠦ ᠵᠡᠷᠭᠡ ᠳᠡᠯᠡᠬᠡᠢ ᠳ᠋ᠠᠬᠢᠨ ᠪᠣᠯᠤᠨ ᠪᠥᠰᠡ ᠨᠤᠲᠤᠭ ᠤᠨ ᠰᠣᠷᠢᠯᠲᠠ ᠨᠤᠭᠤᠳ ᠢ ᠰᠢᠢᠳᠪᠦᠷᠢᠯᠡᠬᠦ ᠪᠡᠷ ᠠᠵᠢᠯᠯᠠᠵᠤ ᠪᠠᠶᠢᠨ᠎ᠠ᠃ ᠲᠥᠷᠦᠯᠵᠢᠭᠰᠡᠨ᠂ ᠬᠦᠷᠲᠡᠭᠡᠮᠵᠢᠲᠡᠢ ᠡᠳ᠋ ᠦᠨ ᠵᠠᠰᠠᠭ ᠤᠨ ᠥᠰᠦᠯᠲᠡ ᠶᠢ ᠬᠠᠩᠭᠠᠬᠤ ᠶᠢᠨ ᠲᠥᠯᠥᠭᠡ ᠪᠢᠳᠡ ᠣᠶᠢᠷ᠎ᠠ ᠳᠣᠲᠣᠨᠣ ᠠᠵᠢᠯᠯᠠᠵᠤ ᠪᠠᠶᠢᠨ᠎ᠠ᠃ ᠮᠥᠨ ᠲᠦᠩᠰᠢ᠂ ᠠᠨᠳᠠ ᠨᠥᠬᠥᠳ ᠦᠨ ᠬᠤᠪᠢ ᠳᠤ ᠪᠢᠳᠡ ᠪᠣᠯᠪᠠᠰᠤᠷᠠᠯ᠂ ᠰᠣᠯᠢᠯᠴᠠᠭᠠᠨ ᠤ ᠪᠣᠯᠤᠮᠵᠢ ᠨᠤᠭᠤᠳ ᠢ ᠥᠷᠭᠡᠵᠢᠭᠦᠯᠬᠦ ᠵᠠᠮ ᠢᠶᠠᠷ ᠢᠷᠭᠡᠳ ᠬᠣᠭᠣᠷᠣᠨᠳᠣ ᠶᠢᠨ ᠬᠡᠯᠬᠢᠶ᠎ᠡ ᠬᠣᠯᠪᠣᠭ᠎ᠠ ᠶᠢ ᠤᠯᠠᠮ ᠪᠡᠬᠢᠵᠢᠭᠦᠯᠵᠦ ᠪᠠᠶᠢᠨ᠎ᠠ᠃ ᠴᠢᠨᠠᠭᠰᠢᠳᠠ ᠪᠢᠳᠡᠨ ᠦ ᠪᠠᠲᠤ ᠪᠡᠬᠢ᠂ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠤᠯᠠᠮ ᠭᠦᠨᠵᠡᠭᠡᠶᠢᠷᠡᠭᠦᠯᠬᠦ ᠶᠢᠨ ᠲᠥᠯᠥᠭᠡ ᠪᠠᠶᠢᠨ᠎ᠠ᠃ ᠲᠠᠨ ᠳᠤ ᠪᠣᠯᠤᠨ ᠨᠡᠶᠢᠲᠡ ᠮᠣᠩᠭᠣᠯᠴᠤᠳ ᠲᠤ ᠪᠠᠶᠠᠷ ᠨᠠᠭᠠᠳᠤᠮ ᠢᠶᠠᠨ ᠥᠷᠭᠡᠨ ᠳᠡᠯᠭᠡᠷ᠂ ᠲᠠᠪᠠᠲᠠᠢ ᠰᠠᠶᠢᠬᠠᠨ ᠲᠡᠮᠳᠡᠭᠯᠡᠨ ᠥᠩᠭᠡᠷᠡᠭᠦᠯᠬᠦ ᠶᠢ ᠬᠦᠰᠡᠨ ᠢᠷᠦᠭᠡᠶ᠎ᠡ》 ᠭᠡᠵᠡᠢ᠃