ᠤ᠊ ∙ ᠬᠦᠷᠡᠯᠰᠦ᠋ᠬᠡ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠵᠠᠬᠢᠷᠤᠯ ᠲᠠᠢ ᠠᠭᠤᠯᠵᠠᠪᠠ | News.MN

ᠤ᠊ ∙ ᠬᠦᠷᠡᠯᠰᠦ᠋ᠬᠡ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠵᠠᠬᠢᠷᠤᠯ ᠲᠠᠢ ᠠᠭᠤᠯᠵᠠᠪᠠ

ᠶᠡᠷᠦᠩᠬᠡᠶᠢᠯᠡᠭᠴᠢ ᠤᠬᠤᠨ᠎ᠠ  ᠶᠢᠨ ᠬᠦᠷᠡᠯᠰᠦ᠋ᠬᠡ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠶᠡᠷᠦᠩᠬᠡᠢ ᠵᠠᠬᠢᠷᠤᠯ ᠲᠡᠳ᠋ᠷᠣᠰ ᠠ᠊ ∙ ᠭᠧᠪᠷᠧᠢᠧᠰᠤᠶᠢᠰ ᠢ ᠬᠦᠯᠢᠶᠡᠨ ᠠᠪᠴᠤ ᠠᠭᠤᠯᠵᠠᠭᠠᠳ᠂ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠡᠭᠦᠰᠴᠦ ᠬᠥᠭᠵᠢᠭᠰᠡᠨ ᠦ 75 ᠵᠢᠯ ᠦᠨ ᠣᠢ ᠶᠢᠨ ᠪᠠᠶᠠᠷ ᠤᠨ ᠮᠡᠨᠳᠦ ᠬᠦᠷᠭᠡᠵᠦ᠂ ᠴᠠᠷ᠎ᠠ ᠲᠠᠬᠤᠯ ᠤᠨ ᠬᠦᠨᠳᠦ ᠦᠶ᠎ᠡ ᠶᠢ ᠬᠣᠬᠢᠷᠠᠯ ᠪᠠᠭ᠎ᠠ ᠲᠠᠢ ᠳᠠᠪᠠᠨ ᠲᠤᠭᠤᠯᠬᠤ ᠳᠤ ᠲᠤᠰ ᠪᠠᠶᠢᠭᠤᠯᠤᠯᠭ᠎ᠠ ᠶᠢᠨ ᠳᠡᠮᠵᠢᠯᠭᠡ᠂ ᠲᠤᠰᠠᠯᠠᠮᠵᠢ᠂ ᠬᠠᠮᠲᠤ ᠶᠢᠨ ᠠᠵᠢᠯᠯᠠᠭ᠎ᠠ ᠴᠢᠬᠤᠯᠠ ᠡᠭᠦᠷᠭᠡ ᠭᠦᠢᠴᠡᠳᠭᠡᠭᠰᠡᠨ ᠢ ᠲᠡᠮᠳᠡᠭᠯᠡᠪᠡ᠃
ᠮᠥᠨ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠳᠡᠪᠰᠢᠭᠦᠯᠦᠭᠰᠡᠨ 《ᠡᠷᠡᠭᠦᠯ ᠮᠡᠨᠳᠦ ᠶᠢ ᠬᠦᠮᠦᠨ ᠪᠦᠷᠢ ᠳᠦ》 ᠠᠶᠠᠨ ᠢ ᠳᠡᠮᠵᠢᠵᠦ ᠪᠤᠢ  ᠪᠠᠨ ᠢᠯᠡᠷᠬᠡᠶᠢᠯᠡᠵᠦ᠂ ︽ᠡᠷᠡᠭᠦᠯ ᠮᠣᠩᠭᠣᠯ ᠬᠦᠮᠦᠨ》᠂ 《ᠲᠡᠷᠪᠤᠮ ᠮᠣᠳᠣ》᠂ 《ᠬᠦᠨᠡᠰᠦᠨ ᠦ ᠬᠠᠩᠭᠠᠮᠵᠢ᠂  ᠠᠶᠤᠯᠭᠦᠢ ᠪᠠᠶᠢᠳᠠᠯ》 ᠭᠡᠰᠡᠨ ᠬᠠᠷᠢᠯᠴᠠᠨ ᠤᠶᠠᠯᠳᠤᠭ᠎ᠠ ᠲᠠᠢ ᠦᠨᠳᠦᠰᠦᠨ ᠦ ᠬᠥᠳᠡᠯᠭᠡᠭᠡᠨ ᠦ ᠬᠦᠷᠢᠶᠡᠨ ᠳᠦ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢᠨ ᠲᠥᠯᠥᠭᠡ ᠪᠠᠶᠢᠭ᠎ᠠ ᠪᠠᠨ ᠬᠡᠯᠡᠪᠡ᠃
ᠮᠣᠩᠭᠣᠯ ᠤᠯᠤᠰ ᠪᠤᠰᠤᠳ ᠤᠯᠤᠰ ᠲᠠᠢ ᠬᠠᠷᠢᠴᠠᠭᠤᠯᠪᠠᠯ ᠠᠷᠠᠳ ᠢᠷᠭᠡᠳ ᠢᠶᠡᠨ ᠪᠣᠭᠣᠨᠢ ᠬᠤᠭᠤᠴᠠᠭᠠᠨ ᠳᠤ ᠳᠠᠷᠬᠠᠯᠠᠭᠠᠵᠢᠭᠤᠯᠤᠯᠲᠠ ᠳᠤ  ᠬᠠᠮᠤᠷᠤᠭᠤᠯᠵᠤ᠂ ᠴᠠᠷ᠎ᠠ ᠲᠠᠬᠤᠯ ᠤᠨ ᠦᠶ᠎ᠡ ᠶᠢ ᠬᠣᠬᠢᠷᠠᠯ ᠪᠠᠭ᠎ᠠ ᠲᠠᠢ ᠳᠠᠪᠠᠨ ᠭᠠᠷᠤᠭᠰᠠᠨ ᠢ ᠲᠡᠳ᠋ᠷᠣᠰ ᠠ᠊ ∙ ᠭᠧᠪᠷᠧᠢᠧᠰᠤᠶᠢᠰ ᠤᠨᠴᠠᠯᠠᠭᠠᠳ᠂
ᠮᠥᠨ ᠡᠷᠡᠭᠦᠯ ᠮᠡᠨᠳᠦ ᠶᠢᠨ ᠰᠠᠯᠪᠤᠷᠢ ᠳᠤ ᠪᠠᠨ ᠡᠮᠦᠨᠡᠬᠢ ᠡᠴᠡ ᠢᠯᠡᠭᠦᠦ ᠬᠥᠷᠥᠩᠭᠡ ᠵᠠᠷᠤᠴᠠᠭᠤᠯᠵᠤ᠂ ᠡᠷᠡᠭᠦᠯ ᠣᠷᠴᠢᠨ ᠪᠦᠷᠢᠳᠦᠭᠦᠯᠬᠦ᠂ ᠬᠠᠯᠳᠠᠪᠤᠷᠢᠲᠤ ᠪᠣᠯᠤᠨ ᠬᠠᠯᠳᠠᠪᠤᠷᠢᠲᠤ ᠪᠤᠰᠤ ᠡᠪᠡᠳᠴᠢᠨ ᠲᠡᠢ ᠲᠡᠮᠡᠴᠡᠬᠦ ᠲᠣᠭᠲᠠᠯᠴᠠᠭ᠎ᠠ᠂ ᠡᠷᠡᠭᠦᠯ ᠮᠡᠨᠳᠦ ᠶᠢᠨ ᠪᠠᠶᠢᠳᠠᠯ ᠤᠨ ᠴᠢᠳᠠᠪᠬᠢ ᠶᠢ ᠪᠡᠬᠢᠵᠢᠭᠦᠯᠬᠦ ᠶᠢᠨ ᠲᠥᠯᠥᠭᠡ ᠪᠠᠶᠢᠭ᠎ᠠ ᠶᠢ ᠰᠠᠶᠢᠰᠢᠶᠠᠪᠠ᠃

ᠰᠡᠳᠬᠢᠭᠳᠡᠯ ᠦᠯᠡᠳᠡᠭᠡᠬᠦ