ᠪ ∙ ᠰᠢᠷᠠᠪ ᠤᠨ︽ᠦᠷᠡᠰ ᠭᠠᠷᠴᠤ ᠪᠠᠶᠢᠭ᠎ᠠ ᠨᠢ》ᠪᠦᠲᠦᠭᠡᠯ ᠢ ᠦᠵᠡᠭᠦᠯᠦᠨ᠎ᠡ | News.MN

ᠪ ∙ ᠰᠢᠷᠠᠪ ᠤᠨ︽ᠦᠷᠡᠰ ᠭᠠᠷᠴᠤ ᠪᠠᠶᠢᠭ᠎ᠠ ᠨᠢ》ᠪᠦᠲᠦᠭᠡᠯ ᠢ ᠦᠵᠡᠭᠦᠯᠦᠨ᠎ᠡ

ᠲᠤᠯᠭᠤᠷ ᠲᠥᠷᠥ ᠶᠢᠨ 2232 ᠵᠢᠯ᠂ ᠶᠡᠬᠡ ᠮᠣᠩᠭᠣᠯ ᠤᠯᠤᠰ ᠪᠠᠢᠭᠤᠯᠤᠭᠳᠠᠭᠰᠠᠨ ᠤ 817 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 112 ᠵᠢᠯ᠂ ᠠᠷᠠᠳ ᠤᠨ ᠬᠤᠪᠢᠰᠬᠠᠯ ᠤᠨ 102 ᠵᠢᠯ ᠦᠨ ᠣᠢ ᠶᠢᠨ ᠪᠠᠶᠠᠷ ᠨᠠᠭᠠᠳᠤᠮ ᠳᠤ ᠵᠣᠷᠢᠭᠤᠯᠤᠨ ᠮᠣᠩᠭᠣᠯ ᠥᠪ ᠰᠤᠶᠤᠯ ᠢᠶᠠᠨ ᠥᠪᠯᠡᠭᠦᠯᠦᠨ ᠦᠯᠡᠳᠡᠭᠡᠬᠦ᠂ ᠬᠡᠦᠬᠡᠳ ᠵᠠᠯᠠᠭᠤᠰ ᠬᠣᠶᠢᠴᠢ ᠦᠶ᠎ᠡ ᠳᠦ ᠪᠡᠨ ᠲᠠᠨᠢᠭᠤᠯᠤᠨ ᠰᠤᠷᠲᠠᠯᠴᠢᠯᠠᠬᠤ᠂ ᠦᠵᠡᠮᠦᠷᠢ ᠪᠦᠲᠦᠭᠡᠯ ᠢ ᠡᠷᠳᠡᠮ ᠰᠢᠨᠵᠢᠯᠡᠭᠡᠨ᠂ ᠰᠤᠳᠤᠯᠭᠠᠨ ᠤ ᠡᠷᠭᠢᠯᠲᠡ ᠳᠦ ᠤᠷᠤᠭᠤᠯᠬᠤ ᠵᠣᠷᠢᠯᠭ᠎ᠠ ᠶᠢᠨ ᠬᠦᠷᠢᠶᠡᠨ ᠳᠦ ᠪ ∙ ᠰᠢᠷᠠᠪ ᠤᠨ ᠠᠯᠳᠠᠷᠲᠤ ᠪᠦᠲᠦᠭᠡᠯ︽ᠦᠷᠡᠰ ᠭᠠᠷᠴᠤ ᠪᠠᠶᠢᠭ᠎ᠠ ᠨᠢ》ᠲᠤᠰᠬᠠᠢ ᠦᠵᠡᠰᠬᠦᠯᠡᠩ ᠢ ᠵᠠᠨᠠᠪᠠᠽᠠᠷ ᠤᠨ ᠨᠡᠷᠡᠮᠵᠢᠲᠦ ᠳᠦᠷᠰᠦᠯᠡᠬᠦ ᠤᠷᠠᠯᠢᠭ ᠤᠨ ᠮᠦᠽᠧᠢ ᠡᠴᠡ ᠵᠣᠬᠢᠶᠠᠨ ᠪᠠᠶᠢᠭᠤᠯᠵᠤ ᠪᠠᠶᠢᠨ᠎ᠠ᠃

ᠦᠵᠡᠰᠬᠦᠯᠡᠩ ᠳᠦ 1995 ᠣᠨ ᠳᠤ ᠵᠠᠰᠠᠭ ᠤᠨ ᠭᠠᠵᠠᠷ ᠤᠨ 241 ᠳ᠋ᠦ᠋ᠭᠡᠷ ᠲᠣᠭᠲᠠᠭᠠᠯ ᠢᠶᠠᠷ ᠮᠣᠩᠭᠣᠯ ᠤᠯᠤᠰ ᠤᠨ ᠲᠡᠦᠬᠡ ᠰᠤᠶᠤᠯ ᠤᠨ ᠬᠣᠣᠰ ᠦᠭᠡᠢ ᠦᠨᠡᠲᠦ ᠳᠤᠷᠠᠰᠬᠠᠯᠲᠤ ᠵᠦᠢᠯ ᠦᠨ ᠵᠡᠷᠭᠡᠯᠡᠯ ᠳᠦ ᠪᠦᠷᠢᠳᠬᠡᠭᠳᠡᠭᠰᠡᠨ ᠣᠯᠠᠨ᠎ᠠ ᠮᠠᠷᠵᠠᠩ ᠬᠡᠮᠡᠨ ᠠᠯᠳᠠᠷᠰᠢᠭᠰᠠᠨ ᠵᠢᠷᠤᠭᠠᠴᠢ ᠪ᠂ ᠰᠢᠷᠠᠪ ᠤᠨ ᠪᠦᠲᠦᠭᠡᠯ ᠢ ᠡᠬᠡ ᠬᠤᠪᠢ ᠪᠠᠷ ᠨᠢ ᠰᠠᠩ ᠬᠥᠮᠥᠷᠭᠡ ᠡᠴᠡ ᠭᠠᠷᠭᠠᠨ ᠦᠵᠡᠭᠦᠯᠬᠦ ᠭᠡᠵᠦ ᠪᠠᠶᠢᠨ᠎ᠠ᠃ ᠦᠵᠡᠰᠬᠦᠯᠡᠩ ᠳᠣᠯᠣᠳᠤᠭᠠᠷ ᠰᠠᠷ᠎ᠠ ᠶᠢᠨ ᠨᠠᠢ᠌ᠮᠠᠨ ᠠᠴᠠ ᠬᠤᠷᠢᠨ ᠬᠤᠶᠠᠷ ᠬᠦᠷᠲᠡᠯ᠎ᠡ ᠦᠷᠭᠦᠯᠵᠢᠯᠡᠨ᠎ᠡ᠃

ᠰᠡᠳᠬᠢᠭᠳᠡᠯ ᠦᠯᠡᠳᠡᠭᠡᠬᠦ