ᠠᠽᠢᠶ᠎ᠠ ᠶᠢᠨ ᠬᠥᠭᠵᠢᠯ ᠦᠨ ᠪᠠᠩᠬᠢ ᠶᠢᠨ ᠬᠤᠪᠢ ᠶᠢᠨ ᠬᠡᠪᠰᠢᠯ ᠦᠨ ᠦᠢᠯᠡ ᠠᠵᠢᠯᠯᠠᠭ᠎ᠠ᠂ ᠲᠥᠷᠦ ᠬᠤᠪᠢ ᠶᠢᠨ ᠬᠡᠪᠰᠢᠯ ᠦᠨ ᠲᠦᠩᠰᠢᠯᠡᠯ ᠦᠨ ᠠᠰᠠᠭᠤᠳᠠᠯ ᠬᠠᠷᠢᠭᠤᠴᠠᠭᠰᠠᠨ ᠳᠡᠳ᠋ ᠶᠡᠷᠦᠩᠬᠡᠶᠢᠯᠡᠭᠴᠢ ᠠᠱᠣᠺ ᠯᠠᠪᠠᠰ ᠢ ᠡᠳ᠋ ᠦᠨ ᠵᠠᠰᠠᠭ᠂ ᠬᠥᠭᠵᠢᠯ ᠦᠨ ᠰᠠᠶᠢᠳ ᠴ ∙ ᠬᠦᠷᠡᠯᠪᠠᠭᠠᠲᠤᠷ ᠥᠨᠥᠳᠥᠷ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠪᠠᠷ ᠠᠽᠢᠶ᠎ᠠ ᠶᠢᠨ ᠬᠥᠭᠵᠢᠯ ᠦᠨ ᠪᠠᠩᠬᠢ ᠨᠢ ᠰᠡᠷᠭᠦᠭᠡᠭᠳᠡᠬᠦ ᠡᠷᠴᠢᠮ ᠬᠦᠴᠦ᠂ ᠬᠢᠯᠢ ᠶᠢᠨ ᠪᠣᠭᠣᠮᠲᠠ᠂ ᠳᠡᠳ᠋ ᠪᠦᠲᠦᠴᠡ ᠶᠢ ᠬᠥᠭᠵᠢᠭᠦᠯᠬᠦ ᠲᠥᠰᠥᠯ ᠦᠳ ᠲᠦ ᠵᠠᠰᠠᠭ ᠤᠨ ᠭᠠᠵᠠᠷ ᠲᠠᠢ ᠨᠢᠭᠲᠠ ᠬᠠᠮᠲᠤᠷᠠᠵᠤ ᠠᠵᠢᠯᠯᠠᠬᠤ ᠪᠠᠨ ᠢᠯᠡᠷᠬᠡᠶᠢᠯᠡᠭᠰᠡᠨ᠃
ᠴ∙ᠬᠦᠷᠡᠯᠪᠠᠭᠠᠲᠤᠷ ᠮᠣᠩᠭᠣᠯ ᠤᠯᠤᠰ ᠤᠨ ᠬᠥᠷᠦᠩᠭᠡ ᠣᠷᠣᠭᠤᠯᠤᠯᠲᠠ ᠶᠢᠨ ᠣᠷᠴᠢᠨ᠂ ᠲᠥᠷᠦ ᠬᠤᠪᠢ ᠶᠢᠨ ᠬᠡᠪᠰᠢᠯ ᠦᠨ ᠲᠦᠩᠰᠢᠯᠡᠯ ᠦᠨ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ ᠴᠢᠭᠯᠡᠯ ᠢᠶᠡᠷ ᠵᠠᠰᠠᠭ ᠤᠨ ᠭᠠᠵᠠᠷ ᠠᠴᠠ ᠬᠡᠷᠡᠭᠵᠢᠭᠦᠯᠵᠦ ᠪᠤᠢ ᠠᠷᠭ᠎ᠠ ᠬᠡᠮᠵᠢᠶᠡᠨ ᠦ ᠲᠠᠯ᠎ᠠ ᠪᠠᠷ ᠲᠠᠨᠢᠯᠴᠠᠭᠤᠯᠵᠤ᠂ ᠴᠠᠭᠠᠰᠢᠳᠠ ᠶᠢᠨ ᠬᠠᠮᠲᠤ ᠶᠢᠨ ᠠᠵᠢᠯᠯᠠᠭᠠᠨ ᠤ ᠪᠣᠯᠤᠮᠵᠢ ᠶᠢᠨ ᠲᠠᠯ᠎ᠠ ᠪᠠᠷ ᠰᠠᠨᠠᠯ ᠰᠣᠯᠢᠯᠴᠠᠯ᠎ᠠ᠃