ᠨ ∙ ᠴᠢᠯᠠᠭᠤᠨᠬᠦᠦ ᠣᠯᠠᠨ ᠤᠯᠤᠰ ᠤᠨ ᠤᠷᠤᠯᠳᠤᠭᠠᠨ ᠠᠴᠠ ᠲᠤᠰᠬᠠᠢ ᠱᠠᠩᠨᠠᠯ ᠬᠦᠷᠲᠡᠪᠡ | News.MN

ᠨ ∙ ᠴᠢᠯᠠᠭᠤᠨᠬᠦᠦ ᠣᠯᠠᠨ ᠤᠯᠤᠰ ᠤᠨ ᠤᠷᠤᠯᠳᠤᠭᠠᠨ ᠠᠴᠠ ᠲᠤᠰᠬᠠᠢ ᠱᠠᠩᠨᠠᠯ ᠬᠦᠷᠲᠡᠪᠡ

ᠣᠷᠣᠰ ᠤᠨ ᠬᠣᠯᠪᠣᠭᠠᠨ ᠤ ᠤᠯᠤᠰ ᠤᠨ ᠰᠠᠨᠲ ᠫᠧᠲ᠋ᠧᠷᠪᠦ᠋ᠷᠡᠭ ᠬᠤᠲᠠᠨ᠎ᠠ ᠪᠣᠯᠤᠭᠰᠠᠨ ᠣᠯᠠᠨ ᠤᠯᠤᠰ ᠤᠨ ᠤᠷᠤᠯᠳᠤᠭᠠᠨ ᠳᠤ ᠮᠣᠩᠭᠣᠯ ᠤᠯᠤᠰ ᠢᠶᠠᠨ ᠲᠥᠯᠥᠭᠡᠯᠡᠨ ᠣᠷᠣᠯᠴᠠᠭᠰᠠᠨ ᠤᠯᠤᠰ ᠤᠨ ᠳᠠᠭᠤᠷᠢ ᠪᠦᠵᠢᠭ ᠦᠨ ᠡᠷᠳᠡᠮ ᠦᠨ ᠲᠢᠶᠠᠲ᠋ᠷ ᠤᠨ ᠳᠠᠭᠤᠴᠢᠨ ᠨ ∙ ᠴᠢᠯᠠᠭᠤᠨᠬᠦᠦ ᠲᠤᠰᠬᠠᠢ ᠪᠠᠶᠢᠷᠢ ᠳᠤ ᠰᠢᠯᠭᠠᠷᠠᠯ᠎ᠠ᠃
ᠬᠤᠷᠢᠳᠤᠭᠠᠷ ᠵᠠᠭᠤᠨ ᠤ ᠨᠡᠷᠡᠲᠦ ᠳᠠᠭᠤᠷᠢ ᠶᠢᠨ ᠳᠠᠭᠤᠴᠢᠨ᠂ ᠵᠥᠪᠯᠡᠯᠲᠦ ᠬᠣᠯᠪᠣᠭᠠᠲᠤ ᠤᠯᠤᠰ ᠤᠨ ᠠᠷᠠᠳ ᠤᠨ ᠵᠦᠴᠦᠭᠡᠴᠢᠨ ᠶᠡ᠊ ∙  ᠤᠪᠷᠠᠽᠼᠤᠸ᠎ᠠ ᠶᠢᠨ ᠨᠡᠷᠡᠮᠵᠢᠲᠦ ᠳᠠᠭᠤᠷᠢ ᠶᠢᠨ ᠵᠠᠯᠠᠭᠤ ᠳᠠᠭᠤᠴᠢᠳ ᠤᠨ ᠠᠷᠪᠠᠨ ᠳᠦᠷᠪᠡᠳᠦᠭᠡᠷ ᠣᠯᠠᠨ ᠤᠯᠤᠰ ᠤᠨ ᠤᠷᠤᠯᠳᠤᠭᠠᠨ ᠳᠤ 13 ᠣᠷᠣᠨ ᠤ 383 ᠳᠠᠭᠤᠷᠢ ᠶᠢᠨ ᠳᠠᠭᠤᠯᠠᠭᠠᠴᠢ ᠦᠷᠢᠰᠦᠯᠳᠦᠵᠦ᠂ ᠤᠷᠤᠯᠳᠤᠭᠠᠨ ᠤ ᠬᠠᠭᠠᠰ ᠹᠢᠨᠠᠯ ᠳᠤ 11 ᠣᠷᠣᠨ ᠤ 49 ᠳᠠᠭᠤᠷᠢ ᠶᠢᠨ ᠳᠠᠭᠤᠯᠠᠭᠠᠴᠢ ᠦᠯᠡᠳᠡᠵᠦ᠂ ᠰᠡᠭᠦᠯ ᠦᠨ ᠱᠠᠲᠤᠨ ᠳᠤ 6 ᠣᠷᠣᠨ ᠤ 14 ᠳᠠᠭᠤᠴᠢᠨ ᠢ ᠰᠣᠩᠭᠣᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ