《ᠰᠠᠷᠯᠤᠭ ᠨᠠᠭᠠᠳᠤᠮ-2023》 ᠶᠢ  ᠵᠣᠬᠢᠶᠠᠨ ᠪᠠᠶᠢᠭᠤᠯᠤᠨ᠎ᠠ | News.MN

《ᠰᠠᠷᠯᠤᠭ ᠨᠠᠭᠠᠳᠤᠮ-2023》 ᠶᠢ  ᠵᠣᠬᠢᠶᠠᠨ ᠪᠠᠶᠢᠭᠤᠯᠤᠨ᠎ᠠ

《ᠰᠠᠷᠯᠤᠭ ᠤᠨ ᠨᠠᠭᠠᠳᠤᠮ-2023》 ᠶᠢ ᠬᠥᠪᠰᠥᠭᠥᠯ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠠᠯᠠᠭ-ᠡᠷᠳᠡᠨᠢ ᠰᠤᠮᠤ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠠᠶᠢᠮᠠᠭ ᠤᠨ ᠪᠡᠯᠴᠢᠭᠡᠷ ᠠᠰᠢᠭᠯᠠᠭᠴᠢᠳ ᠤᠨ ᠬᠣᠯᠪᠣᠭ᠎ᠠ ᠬᠠᠮᠲᠤᠷᠠᠨ ᠠᠯᠠᠭ-ᠡᠷᠳᠡᠨᠢ ᠰᠤᠮᠤ ᠶᠢᠨ 5 ᠳ᠋ᠤᠭᠠᠷ ᠪᠠᠭ ᠤᠨ ᠨᠤᠲᠤᠭ《ᠳᠠᠯᠠᠨ ᠪᠤᠯᠠᠭ》 ᠲᠦ ᠵᠣᠬᠢᠶᠠᠨ ᠪᠠᠶᠢᠭᠤᠯᠬᠤ ᠭᠡᠵᠦ ᠪᠠᠶᠢᠨ᠎ᠠ᠃
ᠡᠨᠡ ᠤᠳᠠᠭ᠎ᠠ ᠶᠢᠨ ᠨᠠᠭᠠᠳᠤᠮ ᠢ ᠰᠠᠷᠯᠤᠭ ᠦᠬᠡᠷ ᠦᠨ ᠤᠷᠤᠯᠳᠤᠭᠠᠨ᠂ ᠦᠨᠳᠦᠰᠦᠨ ᠦ ᠰᠤᠷ ᠬᠠᠷᠪᠤᠭᠠᠨ ᠤ ᠲᠡᠮᠡᠴᠡᠭᠡᠨ᠂《ᠰᠠᠷᠯᠤᠭ-2023》ᠢᠷᠠᠭᠤ ᠨᠠᠶᠢᠷᠠᠭ ᠤᠨ ᠨᠠᠭᠠᠳᠤᠮ᠂ ᠰᠠᠷᠯᠤᠭ ᠤᠨ ᠪᠤᠬ᠎ᠠ ᠰᠢᠯᠭᠠᠷᠠᠭᠤᠯᠬᠤ᠂ ᠦᠵᠡᠰᠬᠦᠯᠡᠩ ᠬᠤᠳᠠᠯᠳᠤᠭ᠎ᠠ ᠭᠠᠷᠭᠠᠬᠤ ᠵᠡᠷᠭᠡ ᠪᠡᠷ ᠥᠷᠭᠡᠨ ᠬᠦᠷᠢᠶᠡᠨ ᠳᠦ ᠵᠣᠬᠢᠶᠠᠨ ᠪᠠᠶᠢᠭᠤᠯᠬᠤ ᠪᠠᠷ ᠪᠣᠯᠵᠠᠢ᠃
ᠬᠥᠪᠰᠥᠭᠥᠯ ᠠᠶᠢᠮᠠᠭ ᠤᠨ ᠠᠯᠠᠭ-ᠡᠷᠳᠡᠨᠢ ᠰᠤᠮᠤ ᠨᠢ ᠪᠠᠶᠢᠭᠠᠯᠢ ᠴᠠᠭ ᠠᠭᠤᠷ ᠤᠨ ᠬᠤᠪᠢ ᠳᠤ ᠰᠠᠷᠯᠤᠭ ᠮᠠᠯᠯᠠᠬᠤ ᠬᠠᠮᠤᠭ ᠤᠨ ᠲᠠᠭᠠᠲᠠᠢ ᠨᠤᠲᠤᠭ ᠪᠥᠭᠡᠳ 2022 ᠣᠨ ᠤ ᠪᠠᠶᠢᠳᠠᠯ ᠢᠶᠠᠷ 34 ᠮᠢᠩᠭᠠᠨ ᠲᠣᠯᠣᠭᠠᠢ ᠰᠠᠷᠯᠤᠭ ᠦᠬᠡᠷ ᠲᠣᠭᠠᠯᠠᠭᠤᠯᠵᠠᠢ᠃ ᠰᠤᠮᠤ ᠶᠢᠨ ᠮᠠᠯᠴᠢᠨ ᠡᠷᠦᠬᠡ ᠶᠢᠨ ᠣᠷᠣᠯᠭ᠎ᠠ ᠶᠢᠨ 30 ᠣᠷᠴᠢᠮ ᠬᠤᠪᠢ ᠶᠢ ᠰᠠᠷᠯᠤᠭ ᠤᠨ ᠠᠰᠢᠭ ᠰᠢᠮ᠎ᠡ ᠡᠴᠡ ᠪᠦᠷᠢᠳᠦᠭᠦᠯᠳᠡᠭ ᠪᠠᠶᠢᠨ᠎ᠠ᠃

ᠰᠡᠳᠬᠢᠭᠳᠡᠯ ᠦᠯᠡᠳᠡᠭᠡᠬᠦ