ᠮᠣᠩᠭᠣᠯ ᠤᠯᠤᠰ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠬᠤᠳᠠᠯᠳᠤᠭ᠎ᠠ ᠡᠷᠬᠢᠯᠡᠭᠴᠢᠳ ᠦᠨ ᠨᠢᠭᠤᠷ ᠲᠤᠯᠤᠭᠰᠠᠨ В2Вᠠᠭᠤᠯᠵᠠᠯᠲᠠ ᠨᠠᠭᠠᠳᠤᠮ ᠤᠨ ᠡᠮᠦᠨᠡᠬᠢ ᠡᠳᠦᠷ ᠪᠣᠯᠤᠯ᠎ᠠ᠃ 《ᠰᠢᠭᠮᠠ ᠮᠣᠩᠭᠣᠯᠢᠶᠠ》ᠺᠣᠮᠫᠠᠨᠢ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠦᠨ ᠬᠠᠮᠲᠤᠷᠠᠨ ᠵᠣᠬᠢᠶᠠᠨ ᠪᠠᠶᠢᠭᠤᠯᠤᠭᠰᠠᠨ ᠠᠭᠤᠯᠵᠠᠯᠲᠠ ᠳᠤ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠤᠮᠠᠷᠠᠳᠤ ᠴᠦᠨᠴᠤᠨᠪᠦ᠋ᠺ ᠮᠤᠵᠢ ᠶᠢᠨ ᠵᠠᠰᠠᠭ ᠵᠠᠬᠢᠷᠭᠠᠨ ᠤ ᠤᠳᠤᠷᠢᠳᠤᠯᠭ᠎ᠠ ᠨᠠᠷ ᠣᠷᠣᠯᠴᠠᠵᠤ᠂ ᠬᠣᠶᠠᠷ ᠣᠷᠣᠨ ᠤ ᠪᠢᠽᠢᠨᠧᠰ ᠡᠷᠬᠢᠯᠡᠭᠴᠢᠳ ᠲᠦ ᠮᠡᠨᠳᠦᠴᠢᠯᠡᠭᠡ ᠳᠡᠪᠰᠢᠭᠦᠯᠦᠯ᠎ᠡ᠃
ᠠᠭᠤᠯᠵᠠᠯᠲᠠ ᠳᠤ ᠤᠮᠠᠷᠠᠳᠤ ᠴᠦᠨᠴᠤᠨᠪᠦ᠋ᠺ ᠪᠣᠯᠤᠨ ᠪᠤᠰᠠᠩ ᠮᠤᠵᠢ ᠶᠢᠨ ᠨᠡᠶᠢᠲᠡ 20 ᠺᠣᠮᠫᠠᠨᠢ᠂ ᠮᠣᠩᠭᠣᠯ ᠤᠯᠤᠰ ᠤᠨ 30 ᠭᠠᠷᠤᠢ ᠺᠣᠮᠫᠠᠨᠢ ᠣᠷᠣᠯᠴᠠᠵᠤ᠂《MonCertf》ᠺᠣᠮᠫᠠᠨᠢ ᠶᠢᠨ ᠭᠠᠷᠤᠭᠠᠨ ᠤ ᠪᠢᠽᠢᠨᠧᠰ ᠪᠣᠯᠬᠤ 《STS Foods》 ᠤᠨ ᠦᠢᠯᠡᠳᠪᠦᠷᠢᠯᠡᠵᠦ ᠪᠤᠢ 《ᠶᠠᠩᠵᠤ ᠲᠠᠢ ᠶᠠᠰᠤᠨ ᠤ ᠱᠥᠯᠥ》 ᠭᠠᠳᠠᠭᠠᠳᠤ ᠶᠢᠨ ᠵᠠᠬ᠎ᠠ ᠵᠡᠭᠡᠯᠢ ᠳᠦ ᠭᠠᠷᠬᠤ ᠦᠢᠯᠡ ᠠᠵᠢᠯᠯᠠᠭ᠎ᠠ ᠪᠠᠨ ᠡᠬᠢᠯᠡᠭᠦᠯᠦᠯ᠎ᠡ᠃ ᠲᠣᠳᠣᠷᠠᠭᠤᠯᠪᠠᠯ᠂ ᠲᠤᠰ ᠪᠦᠲᠦᠭᠡᠭᠳᠡᠬᠦᠨ ᠣᠷᠣᠰ ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠵᠠᠬ᠎ᠠ ᠵᠡᠭᠡᠯᠢ ᠳᠦ ᠡᠺᠰᠫᠣᠷᠲᠯᠠᠬᠤ ᠡᠷᠬᠡ ᠪᠡᠨ ᠪᠠᠲᠤᠯᠠᠭᠠᠵᠢᠭᠤᠯᠵᠠᠢ᠃