ᠪ ∙ ᠪᠠᠲᠤᠴᠡᠴᠡᠭ АСЕАН ᠤ ᠪᠥᠰᠡ ᠶᠢᠨ ᠭᠤᠴᠢᠳᠠᠬᠢ ᠠᠭᠤᠯᠵᠠᠯᠲᠠ ᠳᠤ ᠤᠷᠤᠯᠴᠠᠪᠠ | News.MN

 ᠪ ∙ ᠪᠠᠲᠤᠴᠡᠴᠡᠭ АСЕАН ᠤ ᠪᠥᠰᠡ ᠶᠢᠨ ᠭᠤᠴᠢᠳᠠᠬᠢ ᠠᠭᠤᠯᠵᠠᠯᠲᠠ ᠳᠤ ᠤᠷᠤᠯᠴᠠᠪᠠ

ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠪᠦᠭᠦᠳᠡ ᠨᠠᠶᠢᠷᠠᠮᠳᠠᠬᠤ ᠢᠨᠳᠤᠨᠧᠽ ᠤᠯᠤᠰ ᠤᠨ ᠵᠠᠺᠠᠷᠲ᠋ᠠ  ᠬᠤᠲᠠᠨ᠎ᠠ  7 ᠳ᠋ᠤᠭᠠᠷ ᠰᠠᠷ᠎ᠠ ᠶᠢᠨ 13-14  ᠦ ᠡᠳᠦᠷ ᠪᠣᠯᠤᠭᠰᠠᠨ АСЕАН ᠤ ᠪᠥᠰᠡ ᠶᠢᠨ ᠭᠤᠴᠢᠳᠠᠬᠢ ᠤᠳᠠᠭ᠎ᠠ ᠶᠢᠨ ᠴᠢᠭᠤᠯᠭ᠎ᠠ ᠠᠭᠤᠯᠵᠠᠯᠲᠠ ᠳᠤ ᠤᠷᠤᠯᠴᠠᠪᠠ᠃
ᠲᠡᠷᠡ ᠴᠢᠭᠤᠯᠭ᠎ᠠ ᠠᠭᠤᠯᠵᠠᠯᠲᠠ ᠶᠢᠨ ᠨᠢᠭᠡᠳᠦᠭᠰᠡᠨ ᠬᠤᠷᠠᠯᠳᠤᠭᠠᠨ ᠳᠤ ᠣᠷᠣᠯᠴᠠᠵᠤ ᠂ ᠬᠡᠯᠡᠭᠰᠡᠨ ᠦᠭᠡᠨ ᠳᠦ ᠪᠡᠨ᠂ ᠪᠥᠰᠡ ᠨᠤᠲᠤᠭ ᠤᠨ ᠲᠣᠭᠲᠠᠪᠤᠷᠢᠲᠠᠢ ᠪᠠᠶᠢᠳᠠᠯ ᠢ ᠬᠠᠩᠭᠠᠬᠤ ᠦᠢᠯᠡ ᠬᠡᠷᠡᠭ ᠲᠦ ᠣᠯᠠᠨ ᠤᠯᠤᠰ ᠤᠨ ᠡᠷᠬᠡ ᠵᠦᠢ ᠶᠢᠨ ᠬᠦᠷᠢᠶᠡᠨ ᠳᠦ ᠮᠣᠩᠭᠣᠯ ᠤᠯᠤᠰ ᠥᠪᠡᠷ ᠦᠨ ᠬᠤᠪᠢ ᠨᠡᠮᠡᠷᠢ ᠶᠢ ᠦᠷᠭᠦᠯᠵᠢᠯᠡᠭᠦᠯᠦᠨ ᠣᠷᠣᠭᠤᠯᠵᠤ ᠠᠵᠢᠯᠯᠠᠬᠤ ᠡᠷᠡᠮᠡᠯᠵᠡᠯ ᠲᠡᠢ ᠪᠠᠶᠢᠭ᠎ᠠ ᠪᠠᠨ ᠨᠣᠲᠠᠯᠠᠵᠤ᠂ ᠥᠩᠭᠡᠷᠡᠭᠰᠡᠨ 6 ᠳ᠋ᠤᠭᠠᠷ ᠰᠠᠷ᠎ᠠ ᠳᠤ ᠤᠯᠠᠭᠠᠨᠪᠠᠭᠠᠲᠤᠷ ᠬᠤᠲᠠ ᠳᠤ ᠪᠣᠯᠤᠭᠰᠠᠨ ᠵᠡᠭᠦᠨ  ᠬᠤᠢᠳᠤ ᠠᠽᠢᠶ᠎ᠠ ᠶᠢᠨ  ᠠᠶᠤᠯᠭᠦᠢ ᠪᠠᠶᠢᠳᠠᠯ ᠤᠨ ᠠᠰᠠᠭᠤᠳᠠᠯ ᠤᠨ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》ᠣᠯᠠᠨ ᠤᠯᠤᠰ ᠤᠨ ᠪᠠᠭ᠎ᠠ ᠬᠤᠷᠠᠯ᠂ ᠮᠥᠨ ᠡᠮᠡᠭᠲᠡᠢ ᠭᠠᠳᠠᠭᠠᠳᠤ ᠬᠡᠷᠡᠭ ᠦᠨ ᠰᠠᠶᠢᠳ ᠨᠠᠷ ᠤᠨ ᠠᠭᠤᠯᠵᠠᠯᠲᠠ ᠶᠢᠨ ᠳ᠋ᠦᠩ ᠦᠨ ᠲᠠᠯ᠎ᠠ ᠪᠠᠷ ᠲᠠᠨᠢᠯᠴᠠᠭᠤᠯᠪᠠ᠃

ᠰᠡᠳᠬᠢᠭᠳᠡᠯ ᠦᠯᠡᠳᠡᠭᠡᠬᠦ