ᠶᠡᠷᠦᠩᠬᠡᠶᠢᠯᠡᠭᠴᠢ ᠤ᠊ ∙ ᠬᠦᠷᠡᠯᠰᠦ᠋ᠬᠡ ᠦᠨᠳᠦᠰᠦᠨ ᠦ ᠶᠡᠬᠡ ᠨᠠᠭᠠᠳᠤᠮ ᠢ ᠨᠡᠭᠡᠭᠡᠯ᠎ᠡ | News.MN

ᠶᠡᠷᠦᠩᠬᠡᠶᠢᠯᠡᠭᠴᠢ ᠤ᠊ ∙ ᠬᠦᠷᠡᠯᠰᠦ᠋ᠬᠡ ᠦᠨᠳᠦᠰᠦᠨ ᠦ ᠶᠡᠬᠡ ᠨᠠᠭᠠᠳᠤᠮ ᠢ ᠨᠡᠭᠡᠭᠡᠯ᠎ᠡ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠲᠤᠯᠭᠤᠷ ᠲᠥᠷᠥ ᠶᠢᠨ 2232 ᠵᠢᠯ᠂ ᠶᠡᠬᠡ ᠮᠣᠩᠭᠣᠯ ᠤᠯᠤᠰ ᠤᠨ 817 ᠵᠢᠯ᠂ ᠦᠨᠳᠦᠰᠦᠨ ᠦ ᠡᠷᠬᠡ ᠴᠢᠯᠦᠭᠡ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 112 ᠵᠢᠯ᠂ ᠠᠷᠠᠳ ᠤᠨ ᠬᠤᠪᠢᠰᠬᠠᠯ ᠤᠨ 102 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠨᠡᠭᠡᠭᠡᠵᠦ ᠦᠭᠡ ᠬᠡᠯᠡᠯ᠎ᠡ᠄
ᠪᠦᠷᠢᠨ ᠡᠷᠬᠡᠲᠦ ᠮᠣᠩᠭᠣᠯ ᠤᠯᠤᠰ ᠤᠨ ᠡᠷᠬᠡ ᠴᠢᠯᠦᠭᠡᠲᠦ ᠠᠷᠠᠳ ᠢᠷᠭᠡᠳ ᠡ᠂
ᠳᠡᠯᠡᠬᠡᠢ ᠳᠠᠶᠠᠭᠠᠷ ᠲᠠᠷᠬᠠᠨ ᠰᠠᠭᠤᠭ᠎ᠠ ᠡᠯᠢᠭᠡ ᠨᠢᠭᠡᠲᠦ ᠮᠣᠩᠭᠣᠯ ᠠᠬᠠᠨ ᠳᠡᠭᠦᠦᠰ ᠡ᠂
ᠡᠵᠡᠨᠳᠦ ᠭᠦᠷᠦᠨ ᠦ ᠭᠠᠯ ᠭᠣᠯᠣᠮᠲᠠ ᠮᠠᠨ ᠤ ᠰᠠᠶᠢᠬᠠᠨ ᠣᠷᠣᠨ ᠳᠤ ᠮᠣᠷᠢᠯᠠᠨ ᠰᠠᠭᠠᠲᠠᠭᠰᠠᠨ ᠬᠦᠨᠳᠦᠲᠦ ᠵᠣᠴᠢᠳ ᠠ᠋᠂
ᠡᠷᠬᠢᠮ ᠬᠦᠨᠳᠦᠳ ᠨᠠᠭᠠᠳᠤᠮᠴᠢᠳ  ᠡ᠂
᠁ ᠳᠡᠯᠡᠬᠡᠢ ᠳᠦ ᠭᠠᠭᠴᠠᠬᠠᠨ ᠮᠣᠩᠭᠣᠯ ᠨᠠᠭᠠᠳᠤᠮ ᠪᠣᠯ ᠡᠴᠢᠭᠡ ᠲᠩᠷᠢ᠂ ᠡᠬᠡ ᠳᠡᠯᠡᠬᠡᠢ᠂ ᠡᠷᠳᠡᠨᠢᠲᠦ ᠬᠥᠮᠥᠨ ᠦ ᠭᠤᠷᠮᠤᠰᠤᠨ ᠶᠡᠬᠡ ᠪᠠᠶᠠᠷ᠂ ᠬᠦᠮᠦᠨ ᠲᠥᠷᠥᠯᠬᠢᠲᠡᠨ ᠦ ᠦᠨᠡᠲᠦ ᠥᠪ᠂ ᠮᠣᠩᠭᠣᠯ ᠲᠥᠷᠥ ᠶᠢᠨ ᠣᠢ ᠰᠠᠨᠠᠮᠵᠢ᠂ ᠮᠣᠩᠭᠣᠯ ᠦᠨᠳᠦᠰᠦᠲᠡᠨ ᠦ ᠡᠪ ᠨᠢᠭᠡᠳᠦᠯ᠂ ᠲᠤᠰᠠᠭᠠᠷ ᠲᠣᠭᠲᠠᠨᠢᠯ ᠤᠨ ᠪᠡᠯᠭᠡᠳᠡᠯ᠂ ᠮᠣᠩᠭᠣᠯᠴᠤᠳ ᠪᠢᠳᠡᠨ ᠦ ᠣᠶᠤᠨ ᠰᠠᠨᠠᠭᠠᠨ ᠤ ᠳᠠᠷᠬᠠᠯᠠᠭ᠎ᠠ᠂ ᠣᠷᠣᠰᠢᠨ ᠲᠣᠭᠲᠠᠨᠢᠬᠤᠢ ᠶᠢᠨ ᠪᠠᠲᠤᠯᠠᠭ᠎ᠠ ᠪᠢᠯᠡ᠃
ᠥᠪ ᠰᠤᠶᠤᠯ᠂ ᠡᠪᠦᠭᠡ ᠳᠡᠭᠡᠳᠦᠰ᠂ ᠦᠦᠬᠡ ᠲᠡᠦᠬᠡ ᠪᠡᠷ ᠢᠶᠡᠨ ᠪᠠᠬᠠᠷᠬᠠᠨ᠂ 《ᠦᠨᠳᠦᠰᠦᠨ ᠦ ᠶᠡᠬᠡ ᠪᠠᠶᠠᠷ ᠨᠠᠭᠠᠳᠤᠮ》 ᠢᠶᠠᠨ ᠲᠡᠮᠳᠡᠭᠯᠡᠵᠦ ᠪᠤᠢ ᠨᠠᠭᠠᠳᠤᠮᠴᠢᠨ ᠣᠯᠠᠨ ᠲᠦᠮᠡᠨ ᠳᠦ ᠪᠡᠨ᠂ ᠮᠠᠨ ᠤ ᠰᠠᠶᠢᠬᠠᠨ ᠣᠷᠣᠨ ᠳᠤ ᠮᠣᠷᠢᠯᠠᠨ ᠰᠠᠭᠠᠳᠠᠵᠤ ᠪᠤᠢ ᠡᠷᠬᠢᠮ ᠬᠦᠨᠳᠦᠲᠦ ᠵᠣᠴᠢᠳ ᠲᠤ ᠪᠠᠨ ᠲᠤᠯᠭᠤᠷ ᠲᠥᠷᠥ ᠶᠢᠨ ᠲᠡᠦᠬᠡᠲᠦ 2232᠂ ᠶᠡᠬᠡ ᠮᠣᠩᠭᠣᠯ ᠤᠯᠤᠰ ᠤᠨ 817᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 112᠂ ᠠᠷᠠᠳ ᠤᠨ ᠬᠤᠪᠢᠰᠬᠠᠯ ᠤᠨ 102 ᠵᠢᠯ ᠦᠨ ᠣᠢ ᠶᠢᠨ ᠪᠠᠶᠠᠷ ᠤᠨ ᠮᠡᠨᠳᠦ ᠶᠢ ᠡᠷᠭᠦᠨ ᠳᠡᠪᠰᠢᠭᠦᠯᠦᠶ᠎ᠡ᠃
ᠲᠩᠷᠢ ᠵᠠᠶᠠᠭᠠᠲᠤ ᠮᠣᠩᠭᠣᠯᠴᠤᠳ ᠪᠢᠳᠡᠨ ᠦ ᠡᠪᠦᠭᠡ ᠳᠡᠭᠡᠳᠦᠰ ᠡᠳᠦᠭᠡ ᠡᠴᠡ ᠬᠣᠶᠠᠷ ᠮᠢᠩᠭᠠᠨ ᠤ ᠲᠡᠷᠲᠡᠭᠡ ᠲᠥᠪ ᠠᠽᠢᠶ᠎ᠠ ᠶᠢᠨ ᠴᠡᠭᠡᠵᠢᠨ ᠳᠦ ᠲᠥᠷᠥᠳᠦ ᠤᠯᠤᠰ ᠢᠶᠠᠨ ᠪᠠᠶᠢᠭᠤᠯᠤᠨ᠂ ᠲᠤᠯᠭᠤᠷ ᠲᠥᠷᠥ ᠪᠡᠨ ᠮᠠᠨᠳᠤᠭᠤᠯᠵᠤ᠂ ᠬᠥᠮᠥᠨ ᠦ ᠶᠢᠷᠲᠢᠨᠴᠦ ᠳᠤ ᠰᠤᠤ ᠠᠯᠳᠠᠷ ᠢᠶᠠᠨ ᠳᠠᠭᠤᠷᠢᠰᠬᠠᠭᠰᠠᠨ ᠪᠠᠬᠠᠳᠤᠮ᠎ᠠ ᠰᠠᠶᠢᠬᠠᠨ ᠲᠡᠦᠬᠡ ᠲᠡᠢ ᠪᠢᠯᠡ᠃
ᠥᠨᠢ ᠡᠷᠲᠡᠨ ᠦ ᠲᠡᠦᠬᠡ ᠲᠡᠢ ᠾᠦᠩᠨᠤ ᠭᠦᠷᠦᠨ ᠦ ᠪᠠᠬᠠᠳᠤᠮ᠎ᠠ ᠲᠡᠦᠬᠡ᠂ ᠪᠠᠭᠠᠲᠤᠷᠯᠢᠭ ᠭᠠᠪᠢᠶ᠎ᠠ ᠶᠢ ᠡᠵᠡᠨ ᠴᠢᠩᠭᠢᠰ ᠬᠠᠭᠠᠨ ᠵᠠᠯᠭᠠᠮᠵᠢᠯᠠᠨ ᠶᠡᠬᠡ ᠮᠣᠩᠭᠣᠯ ᠤᠯᠤᠰ ᠢ ᠪᠠᠶᠢᠭᠤᠯᠵᠤ᠂ ᠥᠷᠥᠨ᠎ᠡ ᠳᠣᠷᠣᠨ᠎ᠠ ᠶᠢ ᠲᠥᠪᠰᠢᠳᠬᠡᠨ᠂ ᠮᠣᠩᠭᠣᠯ ᠤᠨ ᠶᠡᠬᠡ ᠠᠮᠤᠷ ᠠᠮᠤᠭᠤᠯᠠᠩ ᠢ ᠴᠣᠭᠴᠠᠯᠠᠭᠠᠨ᠂ ᠬᠦᠮᠦᠨ ᠲᠥᠷᠥᠯᠬᠢᠲᠡᠨ ᠦ ᠲᠡᠦᠬᠡᠨ ᠳᠦ ᠮᠣᠩᠭᠣᠯ ᠲᠦᠮᠡᠨ ᠦ ᠨᠡᠷ᠎ᠡ ᠶᠢ ᠲᠠᠮᠠᠭᠠᠯᠠᠨ ᠦᠯᠡᠳᠡᠭᠡᠭᠰᠡᠨ ᠠᠤᠭ᠎ᠠ ᠦᠢᠯᠡ ᠬᠡᠷᠡᠭ ᠨᠢ ᠮᠣᠩᠭᠣᠯ ᠬᠦᠮᠦᠨ ᠪᠦᠷᠢ ᠶᠢᠨ ᠵᠢᠷᠦᠬᠡ ᠰᠡᠳᠬᠢᠯ ᠳᠦ ᠳᠠᠷᠬᠠᠯᠠᠭᠳᠠᠨ᠂ ᠮᠣᠩᠭᠣᠯ ᠲᠥᠷᠥ ᠶᠢᠨ ᠭᠠᠯ ᠭᠣᠯᠣᠮᠲᠠ ᠳᠤ ᠪᠠᠳᠮᠠᠯᠠᠨ ᠠᠰᠠᠭᠰᠠᠭᠠᠷ ᠪᠠᠶᠢᠨ᠎ᠠ᠃
1911 ᠣᠨ ᠤ ᠦᠨᠳᠦᠰᠦᠨ ᠦ ᠡᠷᠬᠡ ᠴᠢᠯᠦᠭᠡᠨ ᠦ ᠬᠥᠳᠡᠯᠭᠡᠭᠡᠨ᠂ 1921 ᠣᠨ ᠤ ᠠᠷᠠᠳ ᠤᠨ ᠬᠤᠪᠢᠰᠬᠠᠯ᠂ 1990  ᠊ᠭᠡᠳ ᠣᠨ ᠤ ᠠᠷᠠᠳᠴᠢᠯᠠᠭᠰᠠᠨ ᠥᠭᠡᠷᠡᠴᠢᠯᠡᠯᠲᠡ ᠰᠢᠨᠡᠴᠢᠯᠡᠯᠲᠡ ᠨᠢ ᠮᠣᠩᠭᠣᠯᠴᠤᠳ ᠪᠢᠳᠡᠨ ᠦ ᠬᠤᠷᠢᠳᠤᠭᠠᠷ ᠵᠠᠭᠤᠨ ᠤ ᠠᠤᠭ᠎ᠠ ᠶᠡᠬᠡ ᠣᠯᠤᠯᠲᠠ ᠠᠮᠵᠢᠯᠲᠠ᠂ ᠰᠢᠨ᠎ᠡ ᠵᠠᠭᠤᠨ ᠤ ᠬᠥᠭᠵᠢᠯ ᠳᠡᠪᠰᠢᠯ ᠦᠨ ᠦᠨᠳᠦᠰᠦ ᠰᠠᠭᠤᠷᠢ ᠪᠣᠯᠤᠭᠰᠠᠨ ᠪᠢᠯᠡ᠃
ᠶᠡᠬᠡ ᠵᠣᠬᠢᠶᠠᠯᠴᠢ ᠳᠠᠰᠢᠳᠣᠷᠵᠢ ᠶᠢᠨ ᠨᠠᠴᠤᠭᠳᠣᠷᠵᠢ ᠨᠢᠭᠡᠨᠲᠡ 《ᠮᠣᠩᠭᠣᠯ ᠬᠡᠮᠡᠬᠦ ᠨᠢᠭᠡᠨ ᠨᠡᠷ᠎ᠡ ᠶᠢᠷᠲᠢᠨᠴᠦ ᠶᠢᠨ ᠴᠢᠬᠢᠨ᠎ᠡ ᠳᠠᠭᠤᠷᠢᠰᠬᠠᠯ ᠲᠠᠢ᠂ ᠮᠣᠩᠭᠣᠯ ᠤᠨ ᠲᠥᠯᠥᠭᠡ ᠬᠡᠮᠡᠬᠦ ᠰᠡᠳᠬᠢᠯ ᠮᠢᠨᠦ ᠵᠢᠷᠦᠬᠡᠨ᠎ᠡ ᠬᠣᠯᠪᠣᠭᠠᠲᠠᠢ》ᠬᠡᠮᠡᠨ ᠰᠢᠯᠦᠭᠯᠡᠭᠰᠡᠨ ᠪᠠᠶᠢᠳᠠᠭ᠃ ᠲᠡᠶᠢᠮᠦ ᠡᠴᠡ ᠮᠣᠩᠭᠣᠯ ᠬᠦᠮᠦᠨ ᠪᠦᠷᠢ ᠶᠡᠬᠡ ᠮᠣᠩᠭᠣᠯ ᠤᠯᠤᠰ ᠤᠨ ᠭᠠᠯ ᠭᠣᠯᠣᠮᠲᠠ ᠶᠢ ᠰᠠᠬᠢᠨ ᠰᠠᠭᠤᠭ᠎ᠠ ᠪᠠᠨ ᠭᠦᠨ᠎ᠡ ᠤᠬᠠᠮᠰᠠᠷᠯᠠᠨ᠂ ᠡᠵᠡᠨ ᠪᠣᠭᠳᠠ ᠴᠢᠩᠭᠢᠰ ᠬᠠᠭᠠᠨ ᠤ ᠰᠤᠤ ᠠᠯᠳᠠᠷ᠂ ᠦᠢᠯᠡ ᠬᠡᠷᠡᠭ᠂ ᠪᠢᠯᠢᠭ ᠰᠤᠷᠭᠠᠯ ᠢ ᠡᠷᠬᠢᠮᠯᠡᠨ ᠳᠡᠭᠡᠳᠦᠯᠡᠵᠦ᠂ ᠳᠠᠭᠠᠨ ᠮᠥᠷᠳᠡᠵᠦ᠂ ᠲᠥᠷᠥᠳᠦ ᠶᠣᠰᠣᠨ ᠤ ᠦᠨᠡᠲᠦ ᠵᠦᠢᠯ᠂ ᠥᠪ ᠰᠤᠶᠤᠯ ᠢ ᠦᠷ᠎ᠡ ᠬᠣᠶᠢᠴᠢ ᠳᠤ ᠪᠠᠨ ᠥᠪᠯᠡᠭᠦᠯᠦᠨ ᠦᠯᠡᠳᠡᠭᠡᠵᠦ᠂ ᠡᠪ ᠡᠶ᠎ᠡ ᠪᠠᠨ ᠰᠠᠬᠢᠨ ᠪᠠᠲᠤᠳᠬᠠᠵᠤ᠂ ᠤᠯᠤᠰ ᠣᠷᠣᠨ ᠢᠶᠠᠨ ᠮᠠᠨᠳᠤᠭᠤᠯᠬᠤ ᠳᠤ ᠰᠡᠳᠬᠢᠯ ᠵᠢᠷᠦᠬᠡ ᠪᠡᠨ ᠵᠣᠷᠢᠭᠤᠯᠵᠤ᠂ ᠬᠤᠪᠢ ᠨᠡᠮᠡᠷᠢ ᠪᠡᠨ ᠤᠷᠤᠭᠤᠯᠬᠤ ᠤᠴᠢᠷ ᠲᠠᠢ ᠶᠤᠮ᠃
᠁ ᠮᠢᠨᠦ ᠮᠣᠩᠭᠣᠯ ᠤᠨ ᠠᠷᠠᠳ ᠢᠷᠭᠡᠳ ᠡ᠂ ᠥᠩᠭᠡᠷᠡᠭᠰᠡᠨ ᠵᠢᠯ ᠮᠣᠩᠭᠣᠯ ᠤᠯᠤᠰ ᠤᠨ ᠶᠡᠷᠦᠩᠬᠡᠶᠢᠯᠡᠭᠴᠢ ᠶᠡᠬᠡ ᠡᠵᠡᠨ ᠴᠢᠩᠭᠢᠰ ᠬᠠᠭᠠᠨ ᠮᠡᠨᠳᠦᠯᠡᠭᠰᠡᠨ ᠦ 860 ᠵᠢᠯ ᠦᠨ ᠲᠡᠦᠬᠡᠲᠦ ᠣᠢ ᠶᠢ ᠲᠣᠬᠢᠶᠠᠯᠳᠤᠭᠤᠯᠤᠨ ᠡᠵᠡᠨ ᠴᠢᠩᠭᠢᠰ ᠬᠠᠭᠠᠨ ᠤ ᠡᠰᠢ ᠬᠥᠷᠥᠭ ᠢ ᠬᠦᠨᠳᠦᠳᠬᠡᠨ ᠵᠠᠯᠠᠵᠤ᠂ ᠰᠤᠤ ᠠᠯᠳᠠᠷ᠂ ᠪᠢᠯᠢᠭ ᠰᠤᠷᠭᠠᠯ ᠢ ᠨᠢ ᠳᠡᠭᠡᠳᠦᠯᠡᠨ ᠰᠢᠲᠦᠵᠦ ᠪᠠᠶᠢᠬᠤ ᠲᠤᠬᠠᠢ ᠵᠠᠷᠯᠢᠭ ᠪᠠᠭᠤᠯᠭᠠᠵᠤ᠂ 《ᠴᠢᠩᠭᠢᠰ ᠬᠠᠭᠠᠨ》 ᠬᠠᠭᠠᠳ᠂ ᠢᠵᠠᠭᠤᠷᠲᠠᠨ ᠤ ᠮᠦᠽᠧᠢ ᠶᠢᠨ ᠥᠨᠳᠥᠷ ᠡᠭᠦᠳᠡ ᠶᠢ ᠨᠡᠭᠡᠭᠡᠵᠦ᠂ ᠥᠷᠭᠡᠨ ᠲᠦᠮᠡᠨ ᠦ ᠪᠡᠨ ᠬᠦᠷᠲᠡᠭᠡᠯ ᠪᠣᠯᠭᠠᠭᠰᠠᠨ ᠪᠢᠯᠡ᠃
ᠡᠨᠡ ᠦᠢᠯᠡ ᠬᠡᠷᠡᠭ ᠦᠨ ᠦᠷᠭᠦᠯᠵᠢᠯᠡᠯ ᠪᠣᠯᠭᠠᠨ ᠡᠳᠦᠭᠡ ᠡᠴᠡ 800 ᠵᠢᠯ ᠦᠨ ᠲᠡᠷᠲᠡᠭᠡ᠂ 1220 ᠣᠨ ᠳᠤ ᠡᠵᠡᠨ ᠴᠢᠩᠭᠢᠰ ᠬᠠᠭᠠᠨ ᠵᠠᠷᠯᠢᠭ ᠪᠠᠭᠤᠯᠭᠠᠵᠤ᠂ ᠶᠡᠬᠡ ᠮᠣᠩᠭᠣᠯ ᠤᠯᠤᠰ ᠤᠨ ᠨᠡᠶᠢᠰᠯᠡᠯ ᠬᠠᠷᠠᠬᠣᠷᠣᠮ ᠬᠣᠲᠠ ᠶᠢ ᠪᠠᠶᠢᠭᠤᠯᠵᠤ ᠪᠠᠶᠢᠭᠰᠠᠨ ᠶᠡᠬᠡ ᠲᠡᠦᠬᠡ ᠶᠢ ᠰᠡᠷᠭᠦᠭᠡᠵᠦ᠂ ᠡᠷᠲᠡᠨ ᠦ ᠲᠥᠷᠥᠳᠦ ᠤᠯᠤᠰ ᠤᠳ ᠤᠨ ᠠᠷᠢᠭᠤᠨ ᠭᠠᠯ ᠭᠣᠯᠣᠮᠲᠠ ᠪᠣᠯᠬᠤ ᠬᠦᠮᠦᠨ ᠲᠥᠷᠥᠯᠬᠢᠲᠡᠨ ᠦ ᠰᠤᠶᠤᠯ ᠤᠨ ᠥᠪ ᠣᠷᠬᠣᠨ ᠤ ᠬᠥᠨᠳᠡᠢ ᠳᠦ ᠬᠠᠷᠠᠬᠣᠷᠣᠮ ᠬᠣᠲᠠ ᠶᠢ ᠰᠡᠷᠭᠦᠭᠡᠨ ᠪᠠᠶᠢᠭᠤᠯᠬᠤ ᠲᠤᠬᠠᠢ ᠵᠠᠷᠯᠢᠭ ᠢ ᠲᠥᠷᠥ ᠶᠢᠨ ᠲᠡᠷᠢᠭᠦᠨ ᠭᠠᠷᠭᠠᠭᠰᠠᠨ᠃ ᠡᠨᠡ ᠬᠦ ᠮᠣᠩᠭᠣᠯ ᠲᠦᠮᠡᠨ ᠦ ᠶᠡᠬᠡ ᠲᠡᠦᠬᠡᠨ ᠪᠦᠲᠦᠭᠡᠨ ᠪᠠᠶᠢᠭᠤᠯᠤᠯᠲᠠ ᠶᠢ ᠠᠵᠢᠯ ᠬᠡᠷᠡᠭ ᠪᠣᠯᠭᠠᠬᠤ ᠳᠤ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠬᠢᠴᠢᠶᠡᠯ ᠵᠢᠳᠬᠦᠯ ᠭᠠᠷᠭᠠᠨ ᠠᠵᠢᠯᠯᠠᠵᠤ ᠪᠠᠶᠢᠭ᠎ᠠ ᠶᠢ ᠪᠠᠶᠠᠷ ᠤᠨ ᠡᠨᠡ ᠡᠳᠦᠷ ᠠᠷᠠᠳ ᠣᠯᠠᠨ ᠳᠤ ᠪᠠᠨ ᠳᠤᠭᠤᠯᠭᠠᠬᠤ ᠳᠤ ᠲᠠᠭᠠᠲᠠᠢ ᠪᠠᠶᠢᠨ᠎ᠠ ᠁
ᠡᠷᠬᠢᠮ ᠬᠦᠨᠳᠦᠳ ᠨᠠᠭᠠᠳᠤᠮᠴᠢᠳ ᠡ᠂ ᠠᠭᠤᠤ ᠲᠡᠦᠬᠡᠲᠦ ᠨᠡᠭᠦᠳᠡᠯᠴᠢᠳ ᠦᠨ ᠭᠠᠯ ᠭᠣᠯᠣᠮᠲᠠ ᠶᠢ ᠰᠠᠬᠢᠨ ᠰᠠᠭᠤᠭ᠎ᠠ ᠮᠣᠩᠭᠣᠯᠴᠤᠳ ᠪᠢᠳᠡ ᠲᠥᠷᠥᠳᠦ ᠶᠣᠰᠣᠨ ᠤ ᠶᠡᠬᠡ ᠰᠢᠲᠦᠭᠡᠨ ᠶᠢᠰᠦᠨ ᠬᠥᠯᠲᠦ ᠴᠠᠭᠠᠨ ᠲᠤᠭ ᠢᠶᠠᠨ ᠮᠥᠩᠬᠡ ᠬᠥᠬᠡ ᠲᠩᠷᠢ ᠳᠦ ᠪᠡᠨ ᠮᠠᠨᠳᠤᠭᠤᠯᠵᠤ᠂ ᠤᠶᠠᠬᠠᠨ ᠵᠠᠮᠪᠤᠤᠲᠢᠪ ᠦᠨ ᠨᠠᠷᠠᠨ ᠢ ᠤᠷᠲᠤ ᠶᠢᠨ ᠳᠠᠭᠤᠤ ᠪᠠᠷ ᠢᠶᠠᠨ ᠮᠢᠯᠢᠶᠠᠵᠤ᠂ ᠬᠥᠷᠥᠰᠥᠳᠦ ᠠᠯᠲᠠᠨ ᠳᠡᠯᠡᠬᠡᠢ ᠶᠢ ᠬᠤᠭᠤᠷ ᠤᠨ ᠡᠭᠡᠰᠢᠭ ᠢᠶᠡᠷ ᠢᠶᠡᠨ ᠬᠥᠭᠵᠢᠭᠡᠵᠦ᠂ ᠬᠦᠮᠦᠨ ᠠᠷᠠᠳ᠂ ᠠᠭᠤᠯᠠ ᠤᠰᠤ ᠪᠠᠨ ᠪᠠᠶᠠᠰᠬᠠᠭᠰᠠᠨ ᠳᠡᠯᠡᠬᠡᠢ ᠳᠦ ᠬᠣᠣᠰ ᠦᠭᠡᠢ《ᠮᠣᠩᠭᠣᠯ ᠨᠠᠭᠠᠳᠤᠮ》 ᠢᠶᠠᠨ ᠡᠶᠢᠨᠬᠦᠦ ᠥᠩᠭᠡ ᠲᠡᠭᠦᠯᠳᠡᠷ᠂ ᠴᠣᠭ ᠵᠢᠪᠬᠤᠯᠠᠩ ᠲᠡᠭᠦᠰ ᠡᠬᠢᠯᠡᠭᠦᠯᠵᠦ ᠪᠠᠶᠢᠨ᠎ᠠ᠃
ᠬᠦᠴᠦᠲᠦ ᠪᠥᠬᠡᠴᠦᠳ ᠦᠨ ᠳᠡᠪᠢᠭᠡ ᠰᠢᠪᠠᠭ᠎ᠠ ᠬᠦᠢ ᠮᠠᠨᠳᠠᠯ ᠢᠶᠠᠨ ᠳᠦᠭᠦᠷᠭᠡᠵᠦ᠂ ᠠᠷᠭᠤᠮᠠᠭ ᠬᠤᠷᠳᠤᠨ ᠬᠦᠯᠦᠭ ᠦᠳ ᠦᠨ ᠲᠥᠪᠡᠷᠭᠡᠨ ᠲᠠᠯ᠎ᠠ ᠨᠤᠲᠤᠭ ᠢᠶᠠᠨ ᠳᠣᠩᠰᠣᠯᠭᠠᠵᠤ᠂ ᠡᠷᠡᠬᠡᠢ ᠮᠡᠷᠭᠡᠨ ᠬᠠᠷᠪᠤᠭᠠᠴᠢᠳ ᠤᠨ ᠡᠷᠴᠢᠲᠦ ᠰᠤᠮᠤ ᠬᠥᠬᠡ ᠲᠩᠷᠢ ᠳᠦ ᠪᠡᠨ  ᠢᠰᠭᠡᠷᠴᠦ᠂ ᠰᠠᠷᠠᠭᠤᠯ ᠤᠬᠠᠭᠠᠨᠳᠤ᠂ ᠥᠨᠳᠥᠷ ᠵᠠᠶᠠᠭᠠᠲᠤ ᠮᠢᠨᠦ ᠮᠣᠩᠭᠣᠯ ᠤᠨ ᠠᠷᠠᠳ ᠲᠦᠮᠡᠨ ᠬᠣᠲᠠᠯᠠ ᠣᠯᠠᠨ ᠢᠶᠠᠷ ᠢᠶᠠᠨ ᠳᠡᠨᠵᠢ ᠬᠣᠲᠣᠶᠢᠲᠠᠯ᠎ᠠ ᠳᠡᠯᠭᠡᠷ ᠰᠠᠶᠢᠬᠠᠨ ᠨᠠᠭᠠᠳᠤᠭᠠᠷᠠᠢ᠃ ᠮᠥᠩᠬᠡ ᠲᠩᠷᠢ ᠶᠢᠨ ᠬᠦᠴᠦᠨ ᠳ᠋ᠤᠷ ᠮᠣᠩᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ ᠭᠡᠯ᠎ᠡ᠃

ᠰᠡᠳᠬᠢᠭᠳᠡᠯ ᠦᠯᠡᠳᠡᠭᠡᠬᠦ