ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠢᠨ ᠤᠷᠢᠯᠭ᠎ᠠ ᠪᠠᠷ ᠪᠦᠭᠦᠳᠡ ᠨᠠᠶᠢᠷᠠᠮᠳᠠᠬᠤ ᠺᠢᠷᠭᠢᠽ ᠤᠯᠤᠰ ᠤᠨ ᠶᠡᠷᠦᠩᠬᠡᠶᠢᠯᠡᠭᠴᠢ ᠰᠠᠳᠢᠷ ᠵᠠᠫᠠᠷᠤᠪ ᠤᠨ ᠮᠣᠩᠭᠣᠯ ᠤᠯᠤᠰ ᠲᠤ ᠬᠢᠵᠦ ᠪᠤᠢ ᠲᠥᠷᠦ ᠶᠢᠨ ᠠᠶᠢᠯᠴᠢᠯᠠᠯ ᠤᠨ ᠬᠦᠷᠢᠶᠡᠨ ᠳᠦ ᠮᠣᠩᠭᠣᠯ ᠤᠯᠤᠰ ᠲᠤ ᠲᠤᠰ ᠤᠯᠤᠰ ᠤᠨ ᠡᠯᠴᠢᠨ ᠰᠠᠶᠢᠳ ᠤᠨ ᠶᠠᠮᠤᠨ ᠢ ᠨᠡᠬᠡᠭᠡᠬᠦ ᠶᠣᠰᠣᠯᠠᠯ ᠪᠣᠯᠤᠯ᠎ᠠ᠃
ᠲᠤᠰ ᠠᠷᠭ᠎ᠠ ᠬᠡᠮᠵᠢᠶᠡᠨ ᠳᠦ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ᠂ ᠪᠦᠭᠦᠳᠡ ᠨᠠᠶᠢᠷᠠᠮᠳᠠᠬᠤ ᠺᠢᠷᠭᠢᠽ ᠤᠯᠤᠰ ᠤᠨ ᠭᠠᠳᠠᠭᠠᠳᠤ ᠬᠡᠷᠡᠭ ᠦᠨ ᠰᠠᠶᠢᠳ ᠵᠧᠨᠪᠧᠺ ᠺᠤᠯᠤᠪᠠᠶ᠋ᠸ᠂ ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠺᠢᠷᠭᠢᠽ ᠤᠯᠤᠰ ᠲᠤ ᠰᠠᠭᠤᠭ᠎ᠠ ᠡᠯᠴᠢᠨ ᠰᠠᠶᠢᠳ ᠰ ∙ ᠭᠠᠩᠬᠤᠶᠠᠭ᠂ ᠪᠦᠭᠦᠳᠡ ᠨᠠᠶᠢᠷᠠᠮᠳᠠᠬᠤ ᠺᠢᠷᠭᠢᠽ ᠤᠯᠤᠰ ᠠᠴᠠ ᠮᠣᠩᠭᠣᠯ ᠤᠯᠤᠰ ᠲᠤ ᠰᠠᠭᠤᠬᠤ ᠡᠯᠴᠢᠨ ᠰᠠᠶᠢᠳ ᠠᠶᠤᠪᠧᠺ ᠠᠷᠲ᠋ᠢᠺᠪᠠᠶ᠋ᠸ ᠪᠣᠯᠤᠨ ᠪᠤᠰᠤᠳ ᠠᠯᠪᠠᠨ ᠤ ᠬᠦᠮᠦᠰ ᠤᠷᠤᠯᠴᠠᠪᠠ᠃