ᠠᠮᠧᠷᠢᠺᠠ ᠶᠢᠨ ᠨᠢᠦ᠋ ᠶᠤᠷᠺ ᠬᠤᠲᠠᠨ᠎ᠠ ᠲᠣᠭᠲᠠᠪᠤᠷᠢᠲᠠᠢ ᠬᠥᠭᠵᠢᠯ ᠦᠨ ᠲᠤᠬᠠᠢ ᠤᠯᠤᠰ ᠲᠥᠷᠥ ᠶᠢᠨ ᠥᠨᠳᠥᠷ ᠲᠦᠪᠰᠢᠨ ᠦ ᠴᠢᠭᠤᠯᠭ᠎ᠠ ᠠᠭᠤᠯᠵᠠᠯᠲᠠ 7 ᠳ᠋ᠤᠭᠠᠷ ᠰᠠᠷ᠎ᠠ ᠶᠢᠨ 10 ᠠᠴᠠ 20 ᠳᠤ ᠠᠮᠵᠢᠯᠲᠠ ᠲᠠᠢ ᠪᠣᠯᠵᠤ ᠥᠨᠳᠥᠷᠯᠡᠯ᠎ᠡ᠃
ᠤᠭ ᠴᠢᠭᠤᠯᠭ᠎ᠠ ᠠᠭᠤᠯᠵᠠᠯᠲᠠ ᠶᠢᠨ ᠦᠶ᠎ᠡ ᠪᠡᠷ ᠡᠳ᠋ ᠦᠨ ᠵᠠᠰᠠᠭ᠂ ᠬᠥᠭᠵᠢᠯ ᠦᠨ ᠳᠡᠳ᠋ ᠰᠠᠶᠢᠳ ᠭ ∙ ᠲᠦᠪᠳᠡᠨᠳᠣᠷᠵᠢ ᠲᠡᠷᠢᠭᠦᠲᠡᠢ ᠲᠥᠯᠥᠭᠡᠯᠡᠭᠴᠢᠳ《ᠲᠣᠭᠲᠠᠪᠤᠷᠢᠲᠠᠢ ᠬᠥᠭᠵᠢᠯ ᠦᠨ ᠵᠣᠷᠢᠯᠭ᠎ᠠ》 ᠶᠢᠨ ᠬᠡᠷᠡᠭᠵᠢᠯᠲᠡ ᠪᠡᠨ ᠲᠠᠶᠢᠯᠤᠩᠨᠠᠵᠤ᠂ ᠬᠤᠶᠠᠳᠠᠬᠢ ᠤᠳᠠᠭ᠎ᠠ ᠶᠢᠨ ᠦᠨᠳᠦᠰᠦᠨ ᠦ ᠰᠠᠶᠢᠨ ᠳᠤᠷ᠎ᠠ ᠶᠢᠨ ᠢᠯᠡᠳᠬᠡᠯ ᠢᠶᠡᠨ ᠲᠠᠨᠢᠯᠴᠠᠭᠤᠯᠪᠠ᠃
ᠢᠯᠡᠳᠬᠡᠯ ᠳᠦ ᠪᠡᠨ ᠠᠩᠬᠠᠨ ᠤ ᠦᠨᠳᠦᠰᠦᠨ ᠦ ᠰᠠᠶᠢᠨ ᠳᠤᠷ᠎ᠠ ᠶᠢᠨ ᠢᠯᠡᠳᠬᠡᠯ ᠦᠨ ᠳ᠋ᠦᠩᠨᠡᠯᠲᠡ ᠵᠥᠪᠯᠡᠮᠵᠢ ᠶᠢᠨ ᠬᠡᠷᠡᠭᠵᠢᠯᠲᠡ ᠬᠥᠭᠵᠢᠯ ᠦᠨ ᠪᠣᠳᠣᠯᠭ᠎ᠠ ᠨᠤᠭᠤᠳ ᠲᠤ ᠬᠡᠷᠬᠢᠨ ᠲᠤᠰᠠᠭᠰᠠᠨ ᠲᠤᠬᠠᠢ ᠪᠣᠯᠤᠨ ᠲᠣᠭᠲᠠᠪᠤᠷᠢᠲᠠᠢ ᠬᠥᠭᠵᠢᠯ ᠦᠨ ᠨᠢᠭᠡᠳᠦᠮᠡᠯ᠂ ᠴᠣᠭᠴᠠ᠂ ᠣᠨᠣᠪᠴᠢᠲᠠᠢ ᠰᠢᠰᠲ᠋ᠧᠮ ᠪᠤᠢ ᠪᠣᠯᠭᠠᠬᠤ ᠶᠢᠨ ᠲᠤᠯᠠᠳᠠ ᠨᠡᠶᠢᠭᠡᠮ ᠤᠨ ᠪᠦᠬᠦᠢ ᠯᠠ ᠲᠠᠯ᠎ᠠ ᠶᠢᠨ ᠣᠷᠣᠯᠴᠠᠭ᠎ᠠ ᠶᠢ ᠬᠠᠩᠭᠠᠬᠤ ᠮᠧᠬᠠᠨᠢᠰᠮ ᠨᠡᠩ ᠴᠢᠬᠤᠯᠠ ᠪᠣᠯᠬᠤ ᠶᠢ ᠣᠨᠴᠠᠯᠠᠭᠰᠠᠨ ᠶᠤᠮ᠃ ᠮᠠᠨ ᠤ ᠢᠯᠡᠳᠬᠡᠯ ᠲᠡᠢ ᠬᠣᠯᠪᠣᠭᠳᠠᠭᠤᠯᠤᠨ ᠷᠤᠮᠢᠨᠢ᠂ ᠦᠽᠪᠧᠺᠰᠲ᠋ᠠᠨ᠂ ᠲᠠᠵᠢᠺᠰᠲ᠋ᠠᠨ ᠤᠯᠤᠰ ᠪᠣᠯᠤᠨ ᠢᠷᠭᠡᠨ ᠦ ᠨᠡᠶᠢᠭᠡᠮ ᠤᠨ ᠲᠥᠯᠥᠭᠡᠯᠡᠭᠴᠢᠳ ᠠᠰᠠᠭᠤᠯᠲᠠ ᠠᠰᠠᠭᠤᠵᠤ᠂ ᠬᠠᠷᠢᠭᠤᠯᠲᠠ ᠠᠪᠤᠪᠠ᠃
ᠡᠨᠡ ᠤᠳᠠᠭ᠎ᠠ ᠶᠢᠨ ᠴᠢᠭᠤᠯᠭ᠎ᠠ ᠠᠭᠤᠯᠵᠠᠯᠲᠠ ᠪᠠᠷ ᠨᠡᠶᠢᠲᠡ 39 ᠤᠯᠤᠰ ᠪᠣᠯᠤᠨ ᠧᠦ᠋ᠷᠣᠫᠠ ᠶᠢᠨ ᠬᠣᠯᠪᠣᠭ᠎ᠠ 《ᠲᠣᠭᠲᠠᠪᠤᠷᠢᠲᠠᠢ ᠬᠥᠭᠵᠢᠯ ᠦᠨ ᠵᠣᠷᠢᠯᠭ᠎ᠠ》 ᠶᠢᠨ ᠬᠡᠷᠡᠭᠵᠢᠯᠲᠡ ᠪᠡᠨ ᠳ᠋ᠦᠩᠨᠡᠨ ᠲᠠᠶᠢᠯᠤᠩᠨᠠᠵᠤ᠂ ᠴᠢᠨᠠᠭᠰᠢᠳᠠ ᠠᠪᠴᠤ ᠬᠡᠷᠡᠭᠵᠢᠭᠦᠯᠬᠦ ᠠᠷᠭ᠎ᠠ ᠬᠡᠮᠵᠢᠶ᠎ᠡ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠬᠡᠯᠡᠯᠴᠡᠯ᠎ᠡ᠃