ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠨᠡᠶᠢᠰᠯᠡᠯ ᠦᠨ ᠠᠶᠠᠯᠠᠯ ᠵᠢᠭᠤᠯᠴᠢᠯᠠᠯ ᠤᠨ ᠭᠠᠵᠠᠷ ᠮᠣᠩᠭᠣᠯ ᠤᠨ ᠪᠤᠷᠬᠠᠨ ᠱᠠᠰᠢᠨᠲᠠᠨ ᠤ ᠲᠥᠪ ᠭᠠᠨᠳᠠᠨᠳᠡᠭᠴᠢᠯᠡᠨ ᠬᠡᠶᠢᠳ ᠲᠡᠢ ᠬᠠᠮᠲᠤᠷᠠᠨ 《ᠳᠠᠩᠱᠢᠭ ᠨᠠᠭᠠᠳᠤᠮ-ᠬᠦᠷᠢᠶ᠎ᠡ ᠴᠠᠮ 2023》 ᠱᠠᠰᠢᠨ ᠰᠤᠶᠤᠯ ᠤᠨ ᠨᠠᠭᠠᠳᠤᠮ ᠢ ᠨᠠᠢ᠌ᠮᠠᠳᠤᠭᠠᠷ ᠰᠠᠷ᠎ᠠ ᠶᠢᠨ 5᠂ 6 ᠳᠦ ᠬᠦᠢ ᠳᠣᠯᠣᠭᠠᠨ ᠬᠤᠳᠳᠤᠭ ᠲᠤ ᠵᠣᠬᠢᠶᠠᠨ ᠪᠠᠶᠢᠭᠤᠯᠤᠨ᠎ᠠ᠃
ᠡᠭᠦᠨ ᠲᠡᠢ ᠬᠣᠯᠪᠣᠭᠳᠠᠭᠤᠯᠤᠨ ᠮᠣᠩᠭᠣᠯ ᠤᠨ ᠦᠨᠳᠦᠰᠦᠨ ᠦ ᠪᠥᠬᠡ ᠶᠢᠨ ᠬᠣᠯᠪᠣᠭᠠᠨ ᠠᠴᠠ ᠳᠠᠷᠠᠭᠠᠬᠢ ᠮᠡᠳᠡᠭᠡᠯᠡᠯ ᠢ ᠭᠠᠷᠭᠠᠯ᠎ᠠ᠃ ᠦᠨᠳᠦᠰᠦᠨ ᠦ ᠪᠥᠬᠡ ᠶᠢᠨ ᠪᠠᠷᠢᠯᠳᠤᠭᠠᠨ ᠳᠤ 256᠂ ᠥᠪᠥᠷ ᠮᠣᠩᠭᠣᠯ᠂ ᠪᠤᠷᠢᠶᠠᠳ ᠪᠥᠬᠡ ᠶᠢᠨ ᠪᠠᠷᠢᠯᠳᠤᠭᠠᠨ ᠳᠤ ᠲᠤᠰ ᠪᠦᠷᠢ 64 ᠪᠥᠬᠡ ᠪᠠᠷᠢᠯᠳᠤᠨ᠎ᠠ᠃ ᠪᠥᠬᠡ ᠶᠢᠨ ᠪᠠᠷᠢᠯᠳᠤᠭᠠᠨ ᠨᠤᠭᠤᠳ ᠤᠨ ᠨᠢᠭᠡ᠂ ᠬᠣᠶᠠᠷ ᠤᠨ ᠳᠠᠪᠠᠭ᠎ᠠ ᠨᠠᠢ᠌ᠮᠠᠳᠤᠭᠠᠷ ᠰᠠᠷ᠎ᠠ ᠶᠢᠨ 05 ᠳᠦ᠂ ᠭᠤᠷᠪᠠ ᠠᠴᠠ ᠳᠡᠭᠡᠭᠰᠢᠬᠢ ᠳᠠᠪᠠᠭ᠎ᠠ 6 ᠳᠦ ᠪᠣᠯᠤᠨ᠎ᠠ᠃
ᠳᠡᠭᠡᠷᠡᠬᠢ ᠭᠤᠷᠪᠠᠨ ᠲᠥᠷᠦᠯ ᠦᠨ ᠪᠥᠬᠡ ᠶᠢᠨ ᠪᠠᠷᠢᠯᠳᠤᠭᠠᠨ ᠢ ᠰᠤᠭᠤᠯᠤᠭ᠎ᠠ ᠪᠠᠷ ᠪᠠᠷᠢᠯᠳᠤᠭᠤᠯᠬᠤ ᠪᠥᠭᠡᠳ ᠪᠠᠷᠢᠯᠳᠤᠭᠠᠨ ᠤ ᠰᠤᠭᠤᠯᠤᠭ᠎ᠠ ᠶᠢ ᠨᠠᠢ᠌ᠮᠠᠳᠤᠭᠠᠷ ᠰᠠᠷ᠎ᠠ ᠶᠢᠨ 4 ᠳᠤ ᠮᠣᠩᠭᠣᠯ ᠪᠥᠬᠡ ᠶᠢᠨ ᠥᠷᠭᠦᠭᠡᠨ ᠳᠦ ᠵᠣᠬᠢᠶᠠᠨ ᠪᠠᠶᠢᠭᠤᠯᠤᠨ᠎ᠠ᠃ ᠦᠨᠳᠦᠰᠦᠨ ᠦ ᠪᠥᠬᠡ ᠶᠢᠨ ᠪᠠᠷᠢᠯᠳᠤᠭᠠᠨ ᠳᠤ ᠳᠠᠩᠱᠢᠭ ᠤᠨ ᠴᠣᠯᠠ ᠲᠠᠢ ᠪᠥᠬᠡᠴᠦᠳ ᠦᠨ ᠡᠷᠡᠮᠪᠡ ᠶᠢ ᠬᠠᠷᠠᠭᠠᠯᠵᠠᠨ᠎ᠠ᠃
ᠮᠣᠩᠭᠣᠯ ᠲᠤᠭᠤᠷᠭᠠᠲᠠᠨ ᠵᠣᠴᠢᠨ ᠪᠥᠬᠡᠴᠦᠳ ᠦᠨᠳᠦᠰᠦᠨ ᠦ ᠪᠥᠬᠡ ᠪᠣᠯᠤᠨ ᠪᠤᠷᠢᠶᠠᠳ᠂ ᠥᠪᠥᠷ ᠮᠣᠩᠭᠣᠯ ᠪᠥᠬᠡ ᠶᠢᠨ ᠪᠠᠷᠢᠯᠳᠤᠭᠠᠨ ᠳᠤ ᠣᠷᠣᠯᠴᠠᠨ ᠪᠠᠷᠢᠯᠳᠤᠬᠤ ᠪᠣᠯᠤᠮᠵᠢ ᠲᠠᠢ᠃ ᠬᠠᠷᠢᠨ ᠤᠯᠤᠰ᠂ ᠠᠶᠢᠮᠠᠭ᠂ ᠰᠤᠮᠤ ᠶᠢᠨ ᠴᠣᠯᠠ ᠲᠠᠢ ᠪᠥᠬᠡᠴᠦᠳ ᠪᠠᠷᠢᠯᠳᠤᠭᠠᠨ ᠳᠤ ᠳᠠᠪᠬᠤᠷ ᠣᠷᠣᠯᠴᠠᠬᠤ ᠦᠭᠡᠢ᠂ ᠠᠯᠢ ᠨᠢᠭᠡ ᠪᠠᠷᠢᠯᠳᠤᠭᠠᠨ ᠢ ᠰᠣᠩᠭᠣᠨ ᠪᠠᠷᠢᠯᠳᠤᠨ᠎ᠠ᠃