ᠶᠡᠬᠡ  ᠪᠷᠢᠲ᠋ᠠᠨ ᠤ ᠡᠯᠴᠢᠨ ᠰᠠᠶᠢᠳ ᠹᠢᠣᠨᠠ  ᠪᠯᠠᠢᠲ ᠠᠵᠢᠯ ᠳᠤ ᠪᠠᠨ ᠣᠷᠣᠯ᠎ᠠ | News.MN

ᠶᠡᠬᠡ  ᠪᠷᠢᠲ᠋ᠠᠨ ᠤ ᠡᠯᠴᠢᠨ ᠰᠠᠶᠢᠳ ᠹᠢᠣᠨᠠ  ᠪᠯᠠᠢᠲ ᠠᠵᠢᠯ ᠳᠤ ᠪᠠᠨ ᠣᠷᠣᠯ᠎ᠠ

ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨ ∙ᠠᠩᠬᠠᠪᠠᠶᠠᠷ ᠶᠡᠬᠡ  ᠪᠷᠢᠲ᠋ᠠᠨ ᠤᠮᠠᠷᠠᠳᠤ  ᠠᠢᠷᠯᠠᠨᠳ᠋᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠹᠢᠣᠨᠠ ᠪᠯᠠᠢᠲ  ᠢ 7 ᠳ᠋ᠤᠭᠠᠷ ᠰᠠᠷ᠎ᠠ ᠶᠢᠨ 21  ᠦ ᠡᠳᠦᠷ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠶᠢᠨ ᠦᠶ᠎ᠡ ᠪᠡᠷ ᠰᠢᠨ᠎ᠡ ᠪᠡᠷ ᠲᠣᠮᠢᠯᠠᠭᠳᠠᠭᠰᠠᠨ ᠡᠯᠴᠢᠨ ᠰᠠᠶᠢᠳ ᠢᠲᠡᠭᠡᠮᠵᠢᠯᠡᠬᠦ ᠵᠢᠭᠤᠬᠤ ᠪᠢᠴᠢᠭ ᠦᠨ ᠬᠠᠭᠤᠯᠪᠤᠷᠢ ᠪᠠᠨ ᠭᠠᠷᠳᠠᠭᠤᠯᠤᠨ ᠥᠭᠪᠡ᠃ ᠨ ∙ᠠᠩᠬᠠᠪᠠᠶᠠᠷ ᠡᠯᠴᠢᠨ ᠰᠠᠶᠢᠳ ᠡᠭᠦᠷᠭᠡᠳᠦ ᠠᠵᠢᠯ ᠳᠤ ᠪᠠᠨ ᠣᠷᠣᠵᠤ ᠪᠠᠢᠭ᠎ᠠ ᠳᠤ ᠨᠢ ᠪᠠᠶᠠᠷ ᠬᠦᠷᠭᠡᠵᠦ᠂ ᠲᠡᠭᠦᠨ ᠳᠦ ᠪᠦᠬᠦ ᠲᠠᠯ᠎ᠠ ᠶᠢᠨ ᠳᠡᠮᠵᠢᠯᠭᠡ ᠦᠵᠡᠭᠦᠯᠵᠦ ᠠᠵᠢᠯᠯᠠᠬᠤ ᠪᠠᠨ ᠢᠯᠡᠷᠬᠡᠶᠢᠯᠡᠪᠡ᠃
ᠲᠠᠯ᠎ᠠ ᠨᠤᠭᠤᠳ ᠠᠭᠤᠯᠵᠠᠯᠲᠠ ᠶᠢᠨ ᠦᠶ᠎ᠡ ᠪᠡᠷ ᠮᠣᠩᠭᠣᠯ᠂ ᠪᠷᠢᠲ᠋ᠠᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠦᠨ ᠣᠢ ᠶᠢᠨ ᠡᠨᠡ ᠣᠨ ᠳᠤ ᠲᠣᠬᠢᠶᠠᠵᠤ ᠪᠤᠢ ᠶᠢ ᠣᠨᠴᠠᠯᠠᠵᠤ᠂ ᠡᠨᠡ ᠬᠦᠷᠢᠶᠡᠨ ᠳᠦ ᠵᠣᠬᠢᠶᠠᠨ ᠪᠠᠶᠢᠭᠤᠯᠵᠤ ᠪᠤᠢ ᠠᠷᠭ᠎ᠠ ᠬᠡᠮᠵᠢᠶ᠎ᠡ ᠨᠦᠭᠦᠳ ᠦᠨ ᠲᠠᠯ᠎ᠠ ᠪᠠᠷ ᠶᠠᠷᠢᠯᠴᠠᠵᠤ᠂ ᠬᠣᠶᠠᠷ ᠲᠠᠯ᠎ᠠ ᠶᠢᠨ ᠪᠣᠯᠤᠨ ᠣᠯᠠᠨ ᠲᠠᠯᠠᠲᠤ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠵᠦ ᠠᠵᠢᠯᠯᠠᠬᠤ ᠪᠠᠨ ᠨᠣᠲᠠᠯᠠᠪᠠ᠃

ᠰᠡᠳᠬᠢᠭᠳᠡᠯ ᠦᠯᠡᠳᠡᠭᠡᠬᠦ