︽ᠤᠭ᠍ᠶᠤᠲᠤᠯᠤᠭᠠᠢ︾ ᠠᠴᠠ ᠬᠦᠷᠲᠡᠬᠦ ᠦᠷ᠎ᠡ ᠠᠰᠢᠭ ᠢ ᠨᠡᠮᠡᠭᠳᠡᠭᠦᠯᠦᠨ᠎ᠡ | News.MN

︽ᠤᠭ᠍ᠶᠤᠲᠤᠯᠤᠭᠠᠢ︾ ᠠᠴᠠ ᠬᠦᠷᠲᠡᠬᠦ ᠦᠷ᠎ᠡ ᠠᠰᠢᠭ ᠢ ᠨᠡᠮᠡᠭᠳᠡᠭᠦᠯᠦᠨ᠎ᠡ

ᠥᠨᠥᠳᠥᠷ ᠦᠨ ᠵᠠᠰᠠᠭ ᠤᠨ ᠭᠠᠵᠠᠷ ᠤᠨ ᠬᠤᠷᠠᠯᠳᠤᠭᠠᠨ︵7.27︶ ᠢᠶᠠᠷ᠄

– ᠪᠠᠶᠠᠨ-ᠥᠯᠥᠭᠡᠢ᠂ ᠰᠡᠯᠡᠩᠭᠡ ᠠᠶᠢᠮᠠᠭ  ᠲᠤ ᠦᠶᠡᠷ  ᠲᠤ ᠡᠪᠳᠡᠷᠡᠭᠰᠡᠨ ᠬᠦᠭᠦᠷᠭᠡ ᠶᠢ ᠰᠡᠷᠭᠦᠭᠡᠨ ᠵᠠᠰᠠᠪᠤᠷᠢᠯᠠᠬᠤ ᠳᠤ ᠬᠥᠷᠥᠩᠭᠡ ᠭᠠᠷᠭᠠᠬᠤ ᠲᠤᠬᠠᠢ᠂

-《ᠲᠠᠲᠠᠪᠤᠷᠢ ᠶᠢᠨ ᠰᠠᠭᠤᠷᠢ ᠶᠢ ᠪᠠᠭᠠᠰᠬᠠᠬᠤ᠂ ᠠᠰᠢᠭ ᠰᠢᠯᠵᠢᠭᠦᠯᠬᠦ ᠶᠠᠪᠤᠳᠠᠯ ᠠᠴᠠ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠪᠠᠷ ᠲᠠᠲᠠᠪᠤᠷᠢ ᠶᠢᠨ ᠭᠡᠷ᠎ᠡ ᠲᠡᠢ ᠬᠣᠯᠪᠣᠭᠠᠲᠠᠢ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠤᠬᠠᠢ ᠣᠯᠠᠨ ᠤᠯᠤᠰ ᠤᠨ ᠺᠣᠨᠸᠧᠨᠼ》  ᠢ ᠰᠣᠶᠣᠷᠬᠠᠨ ᠪᠠᠲᠤᠯᠠᠬᠤ ᠲᠤᠬᠠᠢ ᠬᠠᠤᠯᠢ ᠶᠢᠨ ᠲᠥᠰᠥᠯ᠂

– ᠵᠥᠪᠰᠢᠶᠡᠷᠡᠯ ᠢ ᠴᠠᠬᠢᠮ ᠬᠡᠯᠪᠡᠷᠢ ᠪᠡᠷ ᠣᠯᠭᠣᠬᠤ ᠠᠵᠢᠯ ᠤᠨ ᠶᠠᠪᠤᠴᠠ ᠶᠢᠨ ᠲᠠᠯ᠎ᠠ ᠪᠠᠷ᠂

-《ᠤᠭ᠍ᠶᠤᠲᠤᠯᠤᠭᠠᠢ ᠣᠷᠳᠣ ᠠᠴᠠ ᠮᠣᠩᠭᠣᠯ ᠤᠯᠤᠰ ᠤᠨ ᠬᠦᠷᠲᠡᠬᠦ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠮᠵᠢᠶᠡᠨ ᠦ ᠲᠤᠬᠠᠢ》 ᠤᠯᠤᠰ ᠤᠨ ᠶᠡᠬᠡ ᠬᠤᠷᠠᠯ ᠤᠨ 2021 ᠣᠨ ᠤ 103 ᠳ᠋ᠤᠭᠠᠷ ᠲᠣᠭᠲᠠᠭᠠᠯ ᠤᠨ ᠬᠡᠷᠡᠭᠵᠢᠯᠲᠡ ᠶᠢᠨ ᠲᠠᠶᠢᠯᠤᠨ᠂《ᠤᠭ᠍ᠶᠤᠲᠤᠯᠤᠭᠠᠢ ᠣᠷᠳᠣ ᠠᠴᠠ ᠮᠣᠩᠭᠣᠯ ᠤᠯᠤᠰ ᠤᠨ ᠬᠦᠷᠲᠡᠬᠦ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠮᠵᠢᠶᠡᠨ ᠦ ᠲᠤᠬᠠᠢ》ᠤᠯᠤᠰ ᠤᠨ ᠶᠡᠬᠡ ᠬᠤᠷᠠᠯ ᠤᠨ ᠲᠣᠭᠲᠠᠭᠠᠯ ᠤᠨ ᠲᠥᠰᠥᠯ ᠦᠨ ᠲᠠᠯ᠎ᠠ ᠪᠠᠷ᠂

– ᠮᠣᠩᠭᠣᠯ ᠤᠯᠤᠰ ᠳᠠᠬᠢ ᠡᠮ᠂ ᠡᠮᠨᠡᠯᠭᠡ ᠶᠢᠨ ᠬᠡᠷᠡᠭᠰᠡᠯ ᠦᠨ ᠴᠢᠨᠠᠷ᠂ ᠦᠨ᠎ᠡ ᠶᠢᠨ ᠥᠨᠥ ᠶᠢᠨ ᠪᠠᠶᠢᠳᠠᠯ᠂ ᠴᠢᠨᠠᠭᠰᠢᠳᠠ ᠠᠪᠴᠤ ᠬᠡᠷᠡᠭᠵᠢᠭᠦᠯᠬᠦ ᠠᠷᠭ᠎ᠠ ᠬᠡᠮᠵᠢᠶᠡᠨ ᠦ ᠲᠠᠯ᠎ᠠ ᠪᠠᠷ᠂

– ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠠᠴᠢᠶᠠᠯᠠᠯ ᠢ ᠪᠠᠭᠤᠷᠠᠭᠤᠯᠬᠤ᠂ ᠬᠦᠷᠲᠡᠭᠡᠮᠵᠢ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠵᠡᠷᠭᠡ 10 ᠭᠠᠷᠤᠢ ᠠᠰᠠᠭᠤᠳᠠᠯ ᠢ ᠬᠡᠯᠡᠯᠴᠡᠨ ᠲᠠᠨᠢᠯᠴᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ