ᠲᠢᠪᠤᠯ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠨᠢ 2023 ᠣᠨ ᠤ ᠳᠤᠯᠤᠳᠤᠭᠠᠷ ᠰᠠᠷ᠎ᠠ ᠶᠢᠨ 19-26 ᠤ ᠬᠣᠭᠣᠷᠣᠨᠳᠣ ᠶᠠᠫᠣᠨ ᠤᠯᠤᠰ ᠤᠨ ᠠᠨᠠᠨ ᠬᠤᠲᠠ ᠳᠤ ᠪᠣᠯᠵᠤ᠂ 35 ᠪᠠᠭ ᠬᠦᠴᠦ ᠪᠡᠨ ᠰᠣᠷᠢᠭᠰᠠᠨ ᠪᠠᠶᠢᠨ᠎ᠠ᠃ ᠮᠠᠨ ᠤ ᠤᠯᠤᠰ ᠠᠴᠠ 13 ᠬᠦᠮᠦᠨ ᠦ ᠪᠦᠷᠢᠯᠳᠦᠬᠦᠨ ᠲᠡᠢ ᠬᠣᠶᠠᠷ ᠪᠠᠭ᠂ 10 ᠪᠠᠭᠰᠢ᠂ ᠳᠠᠰᠬᠠᠯᠵᠢᠭᠤᠯᠤᠭᠴᠢ ᠶᠢᠨ ᠬᠠᠮᠲᠤ ᠣᠷᠣᠯᠴᠠᠵᠤ᠂ ᠨᠢᠭᠡᠳᠦᠭᠡᠷ ᠪᠠᠶᠢᠷᠢᠨ ᠳᠤ ᠰᠢᠯᠭᠠᠷᠠᠵᠤ᠂ ᠠᠪᠤᠷᠭᠤ ᠶᠢᠨ ᠠᠯᠲᠠᠨ ᠴᠣᠮᠣ ᠶᠢᠨ ᠡᠵᠡᠳ ᠪᠣᠯᠵᠠᠢ᠃
ᠲᠡᠭᠦᠨᠴᠢᠯᠡᠨ ᠪᠠᠶᠠᠩᠭᠤᠤᠯ ᠳᠡᠭᠦᠷᠭᠡ ᠶᠢᠨ ᠪᠠᠭ ᠲᠠᠮᠢᠷᠴᠢᠳ ᠭᠤᠷᠪᠠᠳᠤᠭᠠᠷ ᠪᠠᠶᠢᠷᠢᠨ ᠳᠤ ᠰᠢᠯᠭᠠᠷᠠᠵᠠᠢ᠃