ᠮᠣᠩᠭᠣᠯ ᠤᠨ ᠨᠢᠰᠬᠡᠭᠴᠢ ᠦᠭᠡᠢ ᠨᠢᠰᠬᠦ ᠲᠥᠬᠥᠭᠡᠷᠦᠮᠵᠢ ᠬᠥᠭᠵᠢᠭᠦᠯᠦᠯᠲᠡ ᠶᠢᠨ ᠬᠣᠯᠪᠣᠭ᠎ᠠ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ KM Drone Consortium᠂ International Sherlock Holmes Detective Agency ᠬᠠᠮᠲᠤᠷᠠᠨ ᠵᠣᠬᠢᠶᠠᠨ ᠪᠠᠶᠢᠭᠤᠯᠤᠭᠰᠠᠨ《Km drone cup 2023》ᠠᠩᠬᠠᠳᠤᠭᠠᠷ ᠲᠡᠮᠡᠴᠡᠭᠡᠨ ᠳᠦ ᠤᠨᠴᠠᠭᠠᠢ ᠪᠠᠢᠳᠠᠯ ᠤᠨ ᠶᠡᠷᠦᠩᠬᠡᠢ ᠭᠠᠵᠠᠷ ᠤᠨ ᠬᠠᠷᠢᠶ᠎ᠠ ᠦᠨᠳᠦᠰᠦᠨ ᠦ ᠠᠪᠤᠷᠠᠬᠤ ᠪᠠᠷᠢᠭᠠᠳᠠ ᠶᠢᠨ ᠮᠡᠷᠭᠡᠵᠢᠯᠲᠡᠨ᠂ ᠳᠡᠰᠯᠡᠭᠴᠢ ᠪ ∙ ᠤᠤᠭᠠᠨᠪᠠᠶᠠᠷ ᠢᠶᠠᠷ ᠠᠬᠠᠯᠠᠭᠤᠯᠤᠭᠰᠠᠨ ᠠᠯᠪᠠ ᠬᠠᠭᠠᠭᠴᠢᠳ ᠲᠡᠷᠢᠭᠦᠯᠡᠵᠦ᠂ ᠠᠪᠤᠷᠭᠤ ᠶᠢᠨ ᠴᠣᠮᠣ ᠶᠢᠨ ᠡᠵᠡᠨ ᠪᠣᠯᠤᠯ᠎ᠠ᠃
ᠨᠠᠯᠠᠶᠢᠬᠤ ᠳᠡᠭᠦᠷᠭᠡ ᠶᠢᠨ 《Sky Friends》 ᠨᠢᠰᠬᠦ ᠪᠠᠭᠤᠳᠠᠯ ᠳᠤ ᠵᠣᠬᠢᠶᠠᠨ ᠪᠠᠶᠢᠭᠤᠯᠤᠭᠰᠠᠨ ᠲᠤᠰ ᠲᠡᠮᠡᠴᠡᠭᠡᠨ ᠳᠦ ᠮᠣᠩᠭᠣᠯ᠂ ᠰᠣᠯᠣᠩᠭᠣᠰ ᠤᠨ 13 ᠪᠠᠭ ᠣᠷᠣᠯᠴᠠᠵᠤ᠂ ᠣᠨᠴᠠᠭᠠᠢ ᠪᠠᠶᠢᠳᠠᠯ ᠤᠨ ᠦᠶ᠎ᠡ ᠳᠦ ᠡᠷᠢᠬᠦ ᠬᠠᠶᠢᠬᠤ᠂ ᠠᠪᠤᠷᠠᠬᠤ ᠦᠢᠯᠡ ᠠᠵᠢᠯᠯᠠᠭᠠᠨ ᠳᠤ ᠳᠡᠮᠵᠢᠯᠭᠡ ᠦᠵᠡᠭᠦᠯᠬᠦ᠂ ᠰᠢᠭᠤᠷᠬᠠᠢ ᠭᠠᠵᠠᠷ ᠵᠦᠢ ᠶᠢᠨ ᠪᠠᠶᠢᠷᠢᠰᠢᠯ ᠢ ᠲᠣᠭᠲᠠᠭᠠᠬᠤ᠂ ᠮᠡᠳᠡᠭᠡᠯᠡᠬᠦ ᠳᠠᠭᠠᠭᠠᠯᠭᠠᠪᠤᠷᠢ ᠶᠢ ᠭᠦᠢᠴᠡᠳᠭᠡᠨ᠂ ᠠᠪᠤᠷᠭᠤ ᠨᠤᠭᠤᠳ ᠢᠶᠠᠨ ᠰᠢᠯᠭᠠᠷᠠᠭᠤᠯᠤᠭᠰᠠᠨ ᠪᠠᠶᠢᠨ᠎ᠠ᠃