ᠮᠣᠩᠭᠣᠯ ᠤᠯᠤᠰ᠂ ᠧᠦ᠋ᠷᠣᠫᠠ ᠶᠢᠨ ᠬᠣᠯᠪᠣᠭᠠᠨ ᠤ ᠬᠠᠮᠲᠤ ᠶᠢᠨ ᠠᠵᠢᠯᠯᠠᠭᠠᠨ ᠤ ᠬᠠᠮᠲᠤᠷᠠᠭᠰᠠᠨ ᠬᠣᠷᠢᠶᠠᠨ ᠤ 22 ᠳ᠋ᠤᠭᠠᠷ ᠬᠤᠷᠠᠯᠳᠤᠭᠠᠨ ᠤ ᠬᠦᠷᠢᠶᠡᠨ ᠳᠦ ᠬᠥᠭᠵᠢᠯ ᠦᠨ ᠬᠠᠮᠲᠤ ᠶᠢᠨ ᠠᠵᠢᠯᠯᠠᠭᠠᠨ ᠤ ᠠᠵᠢᠯ ᠤᠨ ᠬᠡᠰᠡᠭ ᠪᠠᠶᠢᠭᠤᠯᠬᠤ ᠲᠤᠬᠠᠢ ᠠᠯᠪᠠᠨ ᠶᠣᠰᠣᠨ ᠤ ᠰᠢᠢᠳᠪᠦᠷᠢ ᠳᠤ ᠬᠠᠮᠲᠤᠷᠠᠭᠰᠠᠨ ᠬᠣᠷᠢᠶᠠᠨ ᠤ ᠮᠣᠩᠭᠣᠯ ᠤᠨ ᠬᠡᠰᠡᠭ ᠦᠨ ᠳᠠᠷᠤᠭ᠎ᠠ ᠰᠢᠳᠠᠷ ᠰᠠᠶᠢᠳ ᠰ ∙ ᠠᠮᠤᠷᠰᠠᠶᠢᠬᠠᠨ᠂ ᠧᠦ᠋ᠷᠣᠫᠠ ᠶᠢᠨ ᠬᠣᠯᠪᠣᠭᠠᠨ ᠤ ᠬᠡᠰᠡᠭ ᠦᠨ ᠳᠠᠷᠤᠭ᠎ᠠ ᠧᠦ᠋ᠷᠣᠫᠠ ᠶᠢᠨ ᠬᠣᠯᠪᠣᠭᠠᠨ ᠤ ᠭᠠᠳᠠᠭᠠᠳᠤ ᠬᠠᠷᠢᠯᠴᠠᠭᠠᠨ ᠤ ᠠᠯᠪᠠᠨ ᠤ ᠠᠽᠢᠶ᠎ᠠ᠂ ᠨᠣᠮᠣᠬᠠᠨ ᠳᠠᠯᠠᠢ ᠶᠢᠨ ᠭᠠᠵᠠᠷ ᠤᠨ ᠵᠠᠬᠢᠷᠤᠯ ᠭᠦᠩᠨᠠᠷ ᠸᠧᠭᠠᠨᠳ᠋ ᠭᠠᠷ ᠤᠨ ᠦᠰᠦᠭ ᠵᠢᠷᠤᠪᠠ᠃
ᠬᠥᠭᠵᠢᠯ ᠦᠨ ᠬᠠᠮᠲᠤ ᠶᠢᠨ ᠠᠵᠢᠯᠯᠠᠭᠠᠨ ᠤ ᠠᠵᠢᠯ ᠤᠨ ᠬᠡᠰᠡᠭ ᠨᠢ ᠧᠦ᠋ᠷᠣᠫᠠ ᠶᠢᠨ ᠬᠣᠯᠪᠣᠭᠠᠨ ᠤ ᠣᠯᠠᠨ ᠵᠢᠯ ᠦᠨ ᠪᠠᠷᠢᠮᠵᠢᠶᠠᠲᠤ ᠬᠥᠲᠥᠯᠪᠦᠷᠢ ᠶᠢᠨ ᠱᠤᠭᠤᠮ ᠢᠶᠠᠷ ᠬᠡᠷᠡᠭᠵᠢᠵᠦ ᠪᠤᠢ ᠲᠥᠰᠥᠯ ᠢ ᠦᠷ᠎ᠡ ᠳ᠋ᠦᠩ ᠲᠡᠢ ᠬᠡᠷᠡᠭᠵᠢᠭᠦᠯᠬᠦ ᠲᠠᠯ᠎ᠠ ᠪᠠᠷ ᠰᠠᠨᠠᠯ ᠰᠣᠯᠢᠯᠴᠠᠳᠠᠭ ᠴᠢᠬᠤᠯᠠ ᠮᠧᠬᠠᠨᠢᠰᠮ ᠶᠤᠮ᠃ ᠧᠦ᠋ᠷᠣᠫᠠ ᠶᠢᠨ ᠬᠣᠯᠪᠣᠭᠠᠨ ᠠᠴᠠ ᠮᠣᠩᠭᠣᠯ ᠤᠯᠤᠰ ᠲᠤ ᠨᠣᠭᠣᠭᠠᠨ ᠲᠣᠭᠲᠠᠪᠤᠷᠢᠲᠠᠢ ᠬᠥᠭᠵᠢᠯ᠂ ᠠᠷᠠᠳᠴᠢᠯᠠᠯ ᠪᠣᠯᠤᠨ ᠡᠳ᠋ ᠦᠨ ᠵᠠᠰᠠᠭ ᠤᠨ ᠬᠥᠭᠵᠢᠯ ᠭᠡᠰᠡᠨ ᠲᠡᠷᠢᠭᠦᠯᠡᠬᠦ ᠴᠢᠭᠯᠡᠯ ᠳᠦ 33 ᠲᠥᠰᠥᠯ ᠢ ᠰᠠᠩᠬᠦᠦᠵᠢᠭᠦᠯᠦᠨ ᠬᠡᠷᠡᠭᠵᠢᠭᠦᠯᠵᠦ ᠪᠠᠶᠢᠨ᠎ᠠ᠃