ᠶᠡᠷᠦᠩᠬᠡᠢ ᠰᠠᠶᠢᠳ ᠯ ∙ᠤᠶᠤᠡᠡᠷᠳᠡᠨᠢ ᠠᠮᠧᠷᠢᠺᠠ ᠶᠢᠨ ᠳᠡᠳ᠋ ᠶᠡᠷᠦᠩᠬᠡᠶᠢᠯᠡᠭᠴᠢ ᠺᠠᠮᠠᠯᠠ ᠬᠠᠷᠷᠢᠰ ᠤᠨ ᠤᠷᠢᠯᠭ᠎ᠠ ᠪᠠᠷ ᠲᠤᠰ ᠤᠯᠤᠰ ᠲᠤ ᠢᠷᠡᠬᠦ ᠨᠠᠢ᠌ᠮᠠᠳᠤᠭᠠᠷ ᠰᠠᠷ᠎ᠠ ᠶᠢᠨ 2-6 ᠳᠦ ᠠᠯᠪᠠᠨ ᠶᠣᠰᠣᠨ ᠤ ᠠᠶᠢᠯᠴᠢᠯᠠᠯ ᠬᠢᠨ᠎ᠡ᠃
ᠯ ∙ᠤᠶᠤᠡᠡᠷᠳᠡᠨᠢ ᠺ ∙ ᠬᠠᠷᠷᠢᠰ ᠲᠠᠢ ᠠᠯᠪᠠᠨ ᠶᠣᠰᠣᠨ ᠤ ᠬᠡᠯᠡᠯᠴᠡᠭᠡ ᠬᠢᠵᠦ᠂ ᠪᠤᠰᠤᠳ ᠥᠨᠳᠥᠷ ᠠᠯᠪᠠᠨ ᠲᠤᠰᠢᠶᠠᠯᠲᠠᠳ ᠲᠠᠢ ᠠᠭᠤᠯᠵᠠᠬᠤ ᠪᠠᠷ ᠲᠥᠯᠥᠪᠯᠡᠵᠡᠢ᠃ ᠲᠡᠷᠡ ᠠᠮᠧᠷᠢᠺᠠ ᠶᠢᠨ ᠰᠠᠨᠰᠠᠷ ᠰᠤᠳᠤᠯᠤᠯ ᠪᠠ ᠰᠠᠨᠰᠠᠷ ᠤᠨ ᠤᠳᠤᠷᠢᠳᠤᠯᠭ᠎ᠠ ᠶᠢᠨ ᠭᠠᠵᠠᠷ᠂ ᠠᠮᠧᠷᠢᠺᠠ ᠶᠢᠨ ᠣᠯᠠᠨ ᠤᠯᠤᠰ ᠤᠨ ᠬᠥᠭᠵᠢᠯ ᠦᠨ ᠠᠭᠧᠨᠲᠯᠢᠭ᠂ ᠠᠮᠧᠷᠢᠺᠠ ᠶᠢᠨ ᠣᠯᠠᠨ ᠤᠯᠤᠰ ᠤᠨ ᠬᠥᠭᠵᠢᠯ ᠦᠨ ᠰᠠᠩᠬᠦᠦᠵᠢᠯᠲᠡ ᠶᠢᠨ ᠺᠣᠷᠫᠣᠷᠠᠼ ᠲᠤ ᠵᠣᠴᠢᠯᠠᠬᠤ ᠶᠤᠮ ᠪᠠᠶᠢᠨ᠎ᠠ᠃ ᠮᠥᠨ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠪᠠᠷᠢᠮᠲᠠ ᠪᠢᠴᠢᠭ ᠦᠳ ᠲᠦ ᠭᠠᠷ ᠤᠨ ᠦᠰᠦᠭ ᠵᠢᠷᠤᠬᠤ ᠶᠤᠮ ᠪᠠᠶᠢᠨ᠎ᠠ᠃