ᠮᠣᠩᠭᠣᠯ ᠤᠯᠤᠰ ᠤᠨ ᠵᠢᠭᠡᠯᠡᠵᠢᠬᠦ ᠵᠡᠷᠭᠡᠯᠡᠯ ᠦᠨ ᠦᠨᠡᠯᠡᠭᠡ ᠶᠢ 《В》 ᠭᠡᠵᠡᠢ | News.MN

ᠮᠣᠩᠭᠣᠯ ᠤᠯᠤᠰ ᠤᠨ ᠵᠢᠭᠡᠯᠡᠵᠢᠬᠦ ᠵᠡᠷᠭᠡᠯᠡᠯ ᠦᠨ ᠦᠨᠡᠯᠡᠭᠡ ᠶᠢ 《В》 ᠭᠡᠵᠡᠢ

S&P ᠪᠠᠢᠭᠤᠯᠤᠯᠭ᠎ᠠ ᠮᠣᠩᠭᠣᠯ ᠤᠯᠤᠰ ᠤᠨ ᠵᠢᠭᠡᠯᠡᠵᠢᠬᠦ ᠵᠡᠷᠭᠡᠯᠡᠯ ᠦᠨ ᠦᠨᠡᠯᠡᠭᠡ ᠶᠢ 《B》᠂ ᠲᠥᠯᠥᠪ ᠢ 《ᠲᠣᠭᠲᠠᠪᠤᠷᠢᠲᠠᠢ》 ᠬᠡᠪ ᠢᠶᠡᠷ ᠦᠯᠡᠳᠡᠭᠡᠭᠰᠡᠨ ᠢᠶᠡᠨ 7 ᠳ᠋ᠤᠭᠠᠷ ᠰᠠᠷ᠎ᠠ ᠶᠢᠨ 27  ᠤ ᠡᠳᠦᠷ ᠵᠠᠷᠯᠠᠵᠠᠢ᠃ ᠲᠡᠳᠡᠨ ᠦ ᠦᠵᠡᠬᠦ ᠪᠡᠷ᠂ ᠲᠦᠭᠦᠬᠡᠢ ᠡᠳ᠋  ᠦᠨ ᠡᠺᠰᠫᠣᠷᠲ ᠠᠴᠠ ᠬᠠᠮᠢᠶᠠᠷᠤᠯ ᠲᠠᠢ ᠮᠣᠩᠭᠣᠯ ᠤᠯᠤᠰ ᠤᠨ ᠡᠳ᠋  ᠦᠨ ᠵᠠᠰᠠᠭ 2023 ᠣᠨ ᠳᠤ 5.5%  ᠪᠠᠷ ᠥᠰᠥᠨ᠎ᠡ᠃ ᠡᠳ᠋  ᠦᠨ ᠵᠠᠰᠠᠭ ᠤᠨ ᠬᠡᠲᠦ ᠶᠢᠨ ᠲᠥᠯᠥᠪ ᠰᠠᠶᠢᠨ ᠪᠠᠶᠢᠨ᠎ᠠ ᠭᠡᠵᠦ ᠦᠵᠡᠵᠦ ᠪᠠᠶᠢᠨ᠎ᠠ᠃ ᠲᠤᠬᠠᠶᠢᠯᠠᠪᠠᠯ᠂ ᠠᠭᠤᠯᠠ ᠠᠭᠤᠷᠬᠠᠢ ᠶᠢᠨ ᠭᠠᠳᠠᠭᠠᠳᠤ ᠶᠢᠨ ᠰᠢᠭᠤᠳ ᠬᠥᠷᠥᠩᠭᠡ ᠣᠷᠣᠭᠤᠯᠤᠯᠲᠠ ᠶᠢᠨ ᠨᠥᠯᠥᠭᠡ ᠪᠡᠷ ᠪᠣᠳᠠᠲᠤ ᠳᠤᠲᠤᠭᠠᠳᠤ ᠶᠢᠨ ᠨᠡᠢᠲᠡ ᠪᠦᠲᠦᠭᠡᠭᠳᠡᠬᠦᠨ 2026 ᠣᠨ ᠬᠦᠷᠲᠡᠯ᠎ᠡ ᠵᠢᠯ ᠳᠦ ᠳᠤᠮᠳᠠᠴᠢ ᠪᠠᠷ 6 ᠣᠷᠴᠢᠮ ᠬᠤᠪᠢ ᠪᠠᠷ ᠥᠰᠥᠨ᠎ᠡ᠃
2022 ᠣᠨ ᠳᠤ ᠳᠤᠮᠳᠠᠴᠢ ᠪᠠᠷ 15.2% ᠪᠠᠶᠢᠭᠰᠠᠨ ᠢᠨᠹᠯᠢᠶᠠᠼ ᠠᠭᠠᠵᠢᠮ ᠢᠶᠠᠷ ᠪᠠᠭᠤᠷᠠᠵᠤ ᠪᠠᠶᠢᠭ᠎ᠠ ᠬᠡᠳᠦᠢ ᠴᠤ ᠥᠨᠳᠥᠷ ᠪᠠᠶᠢᠨ᠎ᠠ᠃ ᠲᠡᠭᠦᠨᠴᠢᠯᠡᠨ᠂ ᠵᠢᠭᠡᠯᠡ ᠶᠢᠨ ᠬᠦᠦ ᠥᠨᠳᠥᠷ ᠪᠠᠶᠢᠭ᠎ᠠ ᠨᠢ ᠬᠡᠷᠡᠭᠯᠡᠭᠡ ᠶᠢ ᠬᠢᠵᠠᠭᠠᠷᠯᠠᠬᠤ ᠬᠦᠴᠦᠨ ᠵᠦᠢᠯ ᠪᠣᠯᠤᠯ᠎ᠠ᠃ ᠮᠣᠩᠭᠣᠯ ᠤᠯᠤᠰ ᠤᠨ ᠪᠣᠳᠣᠯᠭ᠎ᠠ ᠪᠣᠯᠪᠠᠰᠤᠷᠠᠭᠤᠯᠤᠯᠲᠠ᠂ ᠲᠣᠭᠲᠠᠪᠤᠷᠢᠲᠠᠢ ᠪᠠᠶᠢᠳᠠᠯ ᠴᠢᠨᠠᠭᠰᠢᠳᠠ ᠠᠭᠠᠵᠢᠮ ᠢᠶᠠᠷ ᠰᠠᠶᠢᠵᠢᠷᠠᠨ᠎ᠠ ᠭᠡᠵᠦ ᠬᠦᠯᠢᠶᠡᠵᠦ ᠪᠠᠶᠢᠨ᠎ᠠ᠃
ᠤᠭ᠍ᠶᠤᠲᠤᠯᠤᠭᠠᠢ ᠶᠢᠨ ᠭᠦᠨ ᠦ ᠠᠭᠤᠷᠬᠠᠢ ᠶᠢᠨ ᠣᠯᠪᠤᠷᠢᠯᠠᠯᠲᠠ ᠶᠢᠨ ᠬᠡᠮᠵᠢᠶ᠎ᠡ ᠨᠡᠮᠡᠭᠳᠡᠵᠦ᠂ ᠬᠢᠲᠠᠳ  ᠤᠨ ᠡᠳ᠋  ᠦᠨ ᠵᠠᠰᠠᠭ ᠤᠨ ᠥᠰᠦᠯᠲᠡ ᠬᠤᠷᠳᠤᠰᠴᠤ ᠪᠠᠶᠢᠭ᠎ᠠ ᠡᠨᠡ ᠦᠶ᠎ᠡ ᠳᠦ ᠢᠷᠡᠬᠦ ᠵᠢᠯ ᠦᠳ ᠦᠨ ᠡᠺᠰᠫᠣᠷᠲ ᠤᠨ ᠥᠰᠦᠯᠲᠡ ᠨᠢ ᠮᠣᠩᠭᠣᠯ ᠤᠯᠤᠰ ᠤᠨ ᠭᠠᠳᠠᠭᠠᠳᠤ ᠨᠥᠬᠥᠴᠡᠯ ᠪᠠᠶᠢᠳᠠᠯ ᠰᠠᠶᠢᠵᠢᠷᠠᠬᠤ ᠳᠤ ᠨᠥᠯᠦᠭᠡᠯᠡᠨ᠎ᠡ ᠬᠡᠮᠡᠨ ᠳᠤᠷᠠᠳᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ