ᠸᠢᠶᠧᠲ᠋ᠨᠠᠮ᠂ ᠮᠣᠩᠭᠣᠯ ᠬᠣᠶᠠᠷ ᠣᠷᠣᠨ ᠤ ᠰᠤᠶᠤᠯ ᠤᠨ ᠬᠠᠮᠲᠤ ᠶᠢᠨ ᠠᠵᠢᠯᠯᠠᠭ᠎ᠠ᠂ ᠢᠷᠭᠡᠳ ᠬᠣᠭᠣᠷᠣᠨᠳᠣ ᠶᠢᠨ ᠬᠠᠷᠢᠯᠴᠠᠭ᠎ᠠ ᠶᠢ ᠨᠡᠮᠡᠭᠳᠡᠭᠦᠯᠬᠦ ᠵᠣᠷᠢᠯᠭ᠎ᠠ ᠪᠠᠷ ᠪᠦᠭᠦᠳᠡ ᠨᠠᠶᠢᠷᠠᠮᠳᠠᠬᠤ ᠰᠣᠴᠢᠶᠠᠯᠢᠰᠲ ᠸᠢᠶᠧᠲ᠋ᠨᠠᠮ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ᠂ Asia Art Link ᠲᠡᠢ ᠬᠠᠮᠲᠤᠷᠠᠨ 《 ᠡᠮᠦᠨᠡᠳᠤ ᠶᠢᠨ ᠰᠠᠯᠬᠢ》 ᠰᠡᠳᠦᠪᠲᠦ ᠣᠷᠴᠢᠨ ᠴᠠᠭ ᠤᠨ ᠸᠢᠶᠧᠲ᠋ᠨᠠᠮ ᠤᠨ ᠤᠷᠠᠨ ᠵᠢᠷᠤᠭ ᠤᠨ ᠦᠵᠡᠰᠬᠦᠯᠡᠩ ᠢ ᠤᠯᠠᠭᠠᠨᠪᠠᠭᠠᠲᠤᠷ ᠬᠤᠲᠠ ᠳᠤ ᠵᠣᠬᠢᠶᠠᠨ ᠪᠠᠢᠭᠤᠯᠵᠠᠢ᠃
ᠡᠨᠡ ᠬᠦ ᠦᠵᠡᠰᠬᠦᠯᠡᠩ ᠳᠦ16 ᠵᠢᠷᠤᠭᠠᠴᠢ ᠶᠢᠨ ᠤᠷᠠᠨ ᠵᠢᠷᠤᠭ᠂ ᠭᠷᠠᠹᠢᠺ ᠤᠷᠠᠯᠢᠭ ᠤᠨ 50 ᠣᠷᠴᠢᠮ ᠪᠦᠲᠦᠭᠡᠯ ᠢ ᠳᠡᠯᠭᠡᠨ ᠦᠵᠡᠭᠦᠯᠬᠦ ᠶᠤᠮ᠃︽ᠡᠮᠦᠨᠡᠲᠦ ᠶᠢᠨ ᠰᠠᠯᠬᠢ-ᠥᠨᠥ ᠶᠢᠨ ᠸᠢᠶᠧᠲ᠋ᠨᠠᠮ ᠤᠨ ᠤᠷᠠᠨ ᠵᠢᠷᠤᠭ︾ᠦᠵᠡᠰᠬᠦᠯᠡᠩ ᠨᠢ ᠸᠢᠶᠧᠲ᠋ᠨᠠᠮ ᠳ᠋ᠡᠬᠢ ᠣᠷᠴᠢᠨ ᠦᠶ᠎ᠡ ᠶᠢᠨ ᠤᠷᠠᠯᠢᠭ ᠤᠨ ᠣᠯᠠᠨ ᠲᠠᠯᠠᠲᠤ ᠳᠦᠷᠢ ᠲᠥᠷᠬᠥ ᠶᠢᠨ ᠨᠢᠭᠡ ᠬᠡᠰᠡᠭ ᠶᠤᠮ᠃ ᠦᠵᠡᠰᠬᠦᠯᠡᠩ ᠦᠨ ᠨᠡᠷ᠎ᠡ ᠨᠢ ᠮᠣᠩᠭᠣᠯ ᠠᠨᠳᠠ ᠨᠥᠬᠥᠳ ᠲᠦ ᠪᠡᠨ ᠪᠠᠶᠠᠯᠢᠭ ᠶᠣᠰᠣ ᠵᠠᠩᠰᠢᠯ ᠲᠠᠢ᠂ ᠸᠢᠶᠧᠲ᠋ᠨᠠᠮ ᠤᠨ ᠠᠷᠠᠳ ᠲᠦᠮᠡᠨ ᠦ ᠰᠠᠶᠢᠬᠠᠨ ᠰᠡᠳᠬᠢᠯ ᠰᠢᠩᠭᠡᠭᠰᠡᠨ᠂ ᠬᠠᠯᠠᠭᠤᠨ ᠣᠷᠣᠨ ᠤ ᠪᠠᠳᠮᠠᠯᠢᠩᠬᠤ᠎ᠠ ᠴᠡᠴᠡᠭ ᠦᠨ ᠠᠩᠬᠢᠯᠤᠭᠤᠨ ᠦᠨᠦᠷ ᠲᠡᠢ ᠰᠠᠯᠬᠢ ᠶᠢ ᠬᠦᠷᠭᠡᠬᠦ ᠶᠢᠨ ᠵᠡᠷᠭᠡᠴᠡᠭᠡ ᠳᠡᠯᠡᠬᠡᠢ ᠶᠢᠨ ᠥᠨᠴᠥᠭ ᠪᠤᠯᠤᠩ ᠪᠦᠷᠢ ᠳᠦ ᠪᠠᠶᠢᠭ᠎ᠠ ᠠᠨᠳᠠ ᠨᠥᠬᠥᠳ ᠲᠡᠢ ᠪᠡᠨ ᠨᠢᠭᠡᠳᠴᠦ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠬᠦᠴᠦᠨ ᠴᠢᠷᠮᠠᠶᠢᠯᠲᠠ ᠶᠢᠨ ᠢᠯᠡᠷᠬᠡᠶᠢᠯᠡᠯ ᠬᠡᠮᠡᠨ ᠪᠦᠭᠦᠳᠡ ᠨᠠᠶᠢᠷᠠᠮᠳᠠᠬᠤ ᠰᠣᠴᠢᠶᠠᠯᠢᠰᠲ ᠸᠢᠶᠧᠲ᠋ᠨᠠᠮ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ᠂ Asia Art Link ᠪᠣᠯᠤᠨ ᠣᠷᠣᠯᠴᠠᠭᠴᠢ ᠤᠷᠠᠨ ᠪᠦᠲᠦᠭᠡᠯᠴᠢᠳ ᠨᠠᠶᠢᠳᠠᠵᠤ ᠪᠠᠶᠢᠨ᠎ᠠ᠃