2023 ᠣᠨ ᠤ ᠵᠠᠯᠠᠭᠤ ᠮᠣᠩᠭᠣᠯ ᠰᠤᠳᠤᠯᠤᠭᠠᠴᠢᠳ ᠤᠨ ᠵᠤᠨ ᠤ ᠰᠤᠷᠭᠠᠭᠤᠯᠢ ᠶᠢᠨ ᠨᠡᠭᠡᠭᠡᠯᠲᠡ ᠪᠤᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ ᠤ 401 ᠲᠣᠭᠠᠲᠤ ᠲᠠᠩᠬᠢᠮ ᠳᠤ 7 ᠳ᠋ᠤᠭᠠᠷ ᠰᠠᠷ᠎ᠠ ᠶᠢᠨ 31 ᠦ 09.30 ᠴᠠᠭ ᠲᠤ ᠪᠣᠯᠬᠤ ᠭᠡᠵᠦ ᠪᠠᠶᠢᠨ᠎ᠠ᠃ ᠠᠩᠬ᠎ᠠ 1989 ᠣᠨ ᠳᠤ︽ᠵᠠᠯᠠᠭᠤ ᠮᠣᠩᠭᠣᠯᠴᠢ ᠡᠷᠳᠡᠮᠲᠡᠨ ᠦ ᠵᠤᠨ ᠤ ᠰᠤᠷᠭᠠᠭᠤᠯᠢ︾ᠨᠡᠷ᠎ᠡ ᠪᠡᠷ ᠵᠣᠬᠢᠶᠠᠨ ᠪᠠᠶᠢᠭᠤᠯᠤᠭᠰᠠᠨ ᠡᠨᠡ ᠬᠦ ᠰᠤᠷᠭᠠᠭᠤᠯᠢ ᠬᠡᠰᠡᠭ ᠬᠤᠭᠤᠴᠠᠭᠠᠨ ᠳᠤ ᠲᠠᠰᠤᠯᠳᠠᠭᠰᠠᠨ ᠤ ᠡᠴᠦᠰ ᠲᠦ᠂ ᠬᠡᠳᠦᠨ ᠵᠢᠯ ᠥᠭᠡᠷ᠎ᠡ ᠥᠭᠡᠷ᠎ᠡ ᠪᠠᠶᠢᠭᠤᠯᠤᠯᠭ᠎ᠠ᠂ ᠣᠯᠠᠨ ᠶᠠᠩᠵᠤ ᠶᠢᠨ ᠬᠡᠯᠪᠡᠷᠢ ᠪᠡᠷ ᠵᠣᠬᠢᠶᠠᠨ ᠪᠠᠶᠢᠭᠤᠯᠵᠤ ᠶᠠᠪᠤᠭᠰᠠᠭᠠᠷ 2014 ᠣᠨ ᠠᠴᠠ ᠡᠬᠢᠯᠡᠨ ᠮᠣᠩᠭᠣᠯ ᠰᠤᠳᠤᠯᠤᠯ ᠤᠨ ᠦᠨᠳᠦᠰᠦᠨ ᠦ ᠵᠥᠪᠯᠡᠯ ᠬᠠᠷᠢᠭᠤᠴᠠᠨ ᠵᠣᠬᠢᠶᠠᠨ ᠪᠠᠶᠢᠭᠤᠯᠬᠤ ᠪᠣᠯᠤᠭᠰᠠᠨ ᠶᠤᠮ᠃
ᠵᠤᠨ ᠤ ᠰᠤᠷᠭᠠᠭᠤᠯᠢ ᠶᠢᠨ ᠭᠣᠣᠯ ᠵᠣᠷᠢᠯᠭ᠎ᠠ ᠨᠢ ᠭᠠᠳᠠᠭᠠᠳᠤ ᠶᠢᠨ ᠵᠠᠯᠠᠭᠤ ᠰᠤᠳᠤᠯᠤᠭᠠᠴᠢᠳ ᠢ ᠮᠣᠩᠭᠣᠯ ᠣᠷᠣᠨ᠂ ᠮᠣᠩᠭᠣᠯ ᠠᠬᠤᠢ᠂ ᠰᠤᠶᠤᠯ ᠲᠠᠢ ᠲᠠᠨᠢᠯᠴᠠᠭᠤᠯᠬᠤ᠂ ᠮᠣᠩᠭᠣᠯ ᠬᠡᠯᠡ᠂ ᠰᠤᠶᠤᠯ ᠤᠨ ᠠᠮᠢᠳᠤ ᠬᠠᠷᠢᠯᠴᠠᠭᠠᠨ ᠤ ᠤᠷᠴᠢᠨ ᠳᠤ ᠮᠣᠩᠭᠣᠯ ᠬᠡᠯᠡ᠂ ᠲᠡᠦᠬᠡ᠂ ᠰᠤᠶᠤᠯ ᠤᠨ ᠰᠤᠷᠭᠠᠯᠲᠠ ᠵᠣᠬᠢᠶᠠᠨ ᠪᠠᠶᠢᠭᠤᠯᠬᠤ ᠳᠤ ᠣᠷᠣᠰᠢᠨ᠎ᠠ᠃
2023 ᠣᠨ ᠤ ᠵᠠᠯᠠᠭᠤ ᠮᠣᠩᠭᠣᠯ ᠰᠤᠳᠤᠯᠤᠭᠠᠴᠢᠳ ᠤᠨ ᠵᠤᠨ ᠤ ᠰᠤᠷᠭᠠᠭᠤᠯᠢ ᠳᠤ ᠣᠷᠣᠰ᠂ ᠬᠢᠲᠠᠳ᠂ ᠬᠣᠯᠪᠣᠭᠠᠨ ᠤ ᠪᠦᠭᠦᠳᠡ ᠨᠠᠶᠢᠷᠠᠮᠳᠠᠬᠤ ᠭᠧᠷᠮᠠᠨ ᠤᠯᠤᠰ᠂ ᠶᠠᠫᠣᠨ ᠤᠯᠤᠰ᠂ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ᠂ ᠪᠦᠭᠦᠳᠡ ᠨᠠᠶᠢᠷᠠᠮᠳᠠᠬᠤ ᠲᠦᠷᠺ ᠤᠯᠤᠰ ᠵᠡᠷᠭᠡ ᠳᠡᠯᠡᠬᠡᠢ ᠶᠢᠨ ᠮᠣᠩᠭᠣᠯ ᠰᠤᠳᠤᠯᠤᠯ ᠤᠨ ᠲᠡᠷᠢᠭᠦᠯᠡᠭᠴᠢ ᠤᠯᠤᠰ ᠣᠷᠣᠨ ᠨᠤᠭᠤᠳ ᠤᠨ 13 ᠶᠡᠬᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠶᠢᠨ 30 ᠰᠢᠬᠠᠮ ᠵᠠᠯᠠᠭᠤ ᠮᠣᠩᠭᠣᠯᠴᠢ ᠡᠷᠳᠡᠮᠲᠡᠨ ᠣᠷᠣᠯᠴᠠᠵᠤ ᠪᠠᠶᠢᠨ᠎ᠠ᠃