《ᠡᠷᠳᠡᠨᠢᠰ ᠲᠠᠪᠤᠨᠲᠣᠯᠣᠭᠠᠢ》 ᠺᠤᠮᠫᠠᠨᠢ ᠳᠦ 2022 ᠣᠨ ᠤ ᠠᠷᠪᠠᠳᠤᠭᠠᠷ ᠰᠠᠷ᠎ᠠ ᠳᠤ ᠣᠨᠴᠠᠭᠠᠢ ᠳᠢᠭᠯᠢᠮ ᠲᠣᠭᠲᠠᠭᠠᠭᠰᠠᠨ ᠡᠴᠡ ᠬᠣᠶᠢᠰᠢ ᠺᠣᠮᠫᠠᠨᠢ ᠶᠢᠨ ᠪᠣᠷᠣᠯᠠᠭᠤᠯᠤᠯᠲᠠ ᠳᠥᠷᠪᠡ᠂ ᠨᠡᠭᠦᠷᠡᠰᠦ ᠲᠡᠭᠡᠭᠡᠪᠦᠷᠢ ᠭᠤᠷᠪᠠ᠂ ᠡᠺᠰᠫᠣᠷᠲ ᠬᠣᠶᠠᠷ᠂ ᠣᠯᠪᠤᠷᠢᠯᠠᠯᠲᠠ ᠬᠣᠶᠠᠷ ᠳᠠᠬᠢᠨ ᠨᠡᠮᠡᠭᠳᠡᠵᠡᠢ᠃
ᠥᠩᠭᠡᠷᠡᠭᠰᠡᠨ ᠣᠨ ᠳᠤ 11 ᠰᠠᠶ᠎ᠠ ᠲᠣᠨ ᠨᠡᠭᠦᠷᠡᠰᠦ ᠡᠺᠰᠫᠣᠷᠲᠯᠠᠵᠤ᠂ ᠨᠢᠭᠡ ᠲᠡᠷᠪᠤᠮ ᠳ᠋ᠣᠯᠯᠠᠷ ᠤᠨ ᠪᠣᠷᠣᠯᠠᠭᠤᠯᠤᠯᠲᠠ ᠬᠢᠭᠰᠡᠨ ᠪᠤᠯ ᠡᠨᠡ ᠵᠢᠯ ᠦᠨ ᠪᠠᠶᠢᠳᠠᠯ ᠢᠶᠠᠷ 14 ᠰᠠᠶ᠎ᠠ ᠲᠣᠨ ᠨᠡᠭᠦᠷᠡᠰᠦ ᠡᠺᠰᠫᠣᠷᠲᠯᠠᠵᠤ᠂ 1.4 ᠲᠡᠷᠪᠤᠮ ᠳ᠋ᠣᠯᠯᠠᠷ ᠤᠨ ᠪᠣᠷᠣᠯᠠᠭᠤᠯᠤᠯᠲᠠ ᠬᠢᠵᠦ᠂ 2022 ᠣᠨ ᠤ ᠪᠦᠲᠦᠨ ᠵᠢᠯ ᠦᠨ ᠪᠣᠷᠣᠯᠠᠭᠤᠯᠤᠯᠲᠠ ᠶᠢ 125᠂ ᠣᠷᠣᠯᠭ᠎ᠠ ᠶᠢ 131 ᠬᠤᠪᠢ ᠪᠠᠷ ᠲᠤᠰ ᠲᠤᠰ ᠳᠠᠪᠠᠭᠤᠯᠤᠭᠰᠠᠨ ᠪᠠᠶᠢᠨ᠎ᠠ᠃
ᠦᠭᠡᠷ᠎ᠡ ᠪᠡᠷ ᠬᠡᠯᠡᠪᠡᠯ ᠪᠦᠲᠦᠨ ᠵᠢᠯ ᠦᠨ ᠬᠤᠭᠤᠴᠠᠭᠠᠨ ᠳᠤ ᠬᠢᠬᠦ ᠪᠣᠷᠣᠯᠠᠭᠤᠯᠤᠯᠲᠠ ᠶᠢ ᠡᠬᠢᠨ ᠦ ᠳᠣᠯᠣᠭᠠᠨ ᠰᠠᠷ᠎ᠠ ᠳᠤ ᠬᠢᠭᠰᠡᠨ ᠠᠵᠠᠢ᠃