ᠤᠯᠤᠰ ᠤᠨ ᠲᠡᠮᠦᠷ ᠵᠠᠮ ᠤᠨ ᠰᠦᠯᠵᠢᠶ᠎ᠡ ᠶᠢ 416.1 ᠺᠢᠯᠣᠮᠧᠲ᠋ᠷ ᠢᠶᠡᠷ ᠥᠷᠭᠡᠳᠬᠡᠯ᠎ᠡ | News.MN

ᠤᠯᠤᠰ ᠤᠨ ᠲᠡᠮᠦᠷ ᠵᠠᠮ ᠤᠨ ᠰᠦᠯᠵᠢᠶ᠎ᠡ ᠶᠢ 416.1 ᠺᠢᠯᠣᠮᠧᠲ᠋ᠷ ᠢᠶᠡᠷ ᠥᠷᠭᠡᠳᠬᠡᠯ᠎ᠡ

ᠲᠠᠪᠤᠨᠲᠣᠯᠣᠭᠠᠢ᠂ ᠵᠡᠭᠦᠨᠪᠠᠶᠠᠨ ᠴᠢᠭᠯᠡᠯ ᠦᠨ ᠲᠡᠮᠦᠷ ᠵᠠᠮ ᠢ ᠪᠠᠶᠢᠩᠭᠤ ᠶᠢᠨ ᠠᠰᠢᠭᠯᠠᠯᠲᠠ ᠳᠤ ᠣᠷᠣᠭᠤᠯᠵᠤ᠂ ᠦᠨᠳᠦᠰᠦᠨ ᠦ ᠲᠡᠮᠦᠷ ᠵᠠᠮ ᠤᠨ ᠰᠦᠯᠵᠢᠶ᠎ᠡ ᠶᠢ 416.1 ᠺᠢᠯᠣᠮᠧᠲ᠋ᠷ ᠢᠶᠡᠷ ᠥᠷᠭᠡᠳᠬᠡᠯ᠎ᠡ᠃ ᠤᠯᠤᠰ ᠤᠨ ᠺᠣᠮᠢᠰ ᠲᠠᠪᠤᠨᠲᠣᠯᠣᠭᠠᠢ᠂ ᠵᠡᠭᠦᠨᠪᠠᠶᠠᠨ ᠴᠢᠭᠯᠡᠯ ᠦᠨ ᠲᠡᠮᠦᠷ ᠵᠠᠮ ᠳᠤ ᠠᠵᠢᠯᠯᠠᠵᠤ᠂ ᠤᠷᠢᠳᠴᠢᠯᠠᠭᠰᠠᠨ ᠱᠠᠲᠤᠨ ᠤ ᠲᠧᠭᠨᠢᠭ ᠦᠨ ᠺᠣᠮᠢᠰ ᠤᠨ ᠥᠭᠭᠦᠭᠰᠡᠨ ᠡᠭᠦᠷᠭᠡ ᠳᠠᠭᠠᠭᠠᠯᠭᠠᠪᠤᠷᠢ ᠨᠤᠭᠤᠳ ᠢ ᠪᠦᠷᠢᠨ ᠬᠠᠩᠭᠠᠭᠰᠠᠨ ᠭᠡᠵᠦ ᠦᠵᠡᠭᠡᠳ᠂ ᠤᠯᠤᠰ ᠤᠨ ᠺᠣᠮᠢᠰ ᠤᠨ ᠭᠡᠰᠢᠭᠦᠳ ᠦᠨ 100 ᠬᠤᠪᠢ ᠶᠢᠨ ᠰᠠᠨᠠᠯ ᠢᠶᠠᠷ ᠲᠤᠰ ᠲᠡᠮᠦᠷ ᠵᠠᠮ ᠢ ᠪᠠᠶᠢᠩᠭᠤ ᠶᠢᠨ ᠠᠰᠢᠭᠯᠠᠯᠲᠠ ᠳᠤ ᠬᠦᠯᠢᠶᠡᠨ ᠠᠪᠤᠪᠠ᠃
ᠲᠠᠪᠤᠨᠲᠣᠯᠣᠭᠠᠢ᠂ ᠵᠡᠭᠦᠨᠪᠠᠶᠠᠨ ᠴᠢᠭᠯᠡᠯ ᠦᠨ ᠲᠡᠮᠦᠷ ᠵᠠᠮ ᠨᠢ ᠵᠢᠯ ᠳᠦ 15-20 ᠰᠠᠶ᠎ᠠ ᠲᠤᠨ ᠠᠴᠢᠶ᠎ᠠ ᠲᠡᠭᠡᠭᠡᠬᠦ ᠬᠦᠴᠦᠨ ᠴᠢᠳᠠᠯ ᠲᠠᠢ᠂ ᠭᠣᠣᠯ ᠵᠠᠮ ᠤᠨ ᠳᠠᠭᠠᠭᠠᠴᠠ 25 ᠲᠣᠨ᠂ ᠨᠢᠭᠡ ᠥᠷᠲᠡᠭᠡ᠂ ᠵᠢᠷᠭᠤᠭᠠᠨ ᠵᠥᠷᠢᠯᠭᠡ ᠪᠦᠬᠦᠢ ᠭᠤᠷᠪᠠᠳᠤᠭᠠᠷ ᠵᠡᠷᠭᠡᠯᠡᠯ ᠦᠨ ᠵᠠᠮ ᠶᠤᠮ᠃ ᠲᠤᠰ ᠲᠡᠮᠦᠷ ᠵᠠᠮ ᠢ ᠮᠣᠩᠭᠣᠯ ᠢᠨᠵᠧᠨᠧᠷ᠂ ᠲᠧᠭᠨᠢᠭ ᠦᠨ ᠠᠵᠢᠯᠲᠠᠳ ᠪᠡᠶ᠎ᠡ ᠳᠠᠭᠠᠭᠠᠨ ᠪᠦᠲᠦᠭᠡᠨ ᠪᠣᠰᠬᠠᠭᠰᠠᠨ ᠦᠨᠳᠦᠰᠦᠨ ᠦ ᠪᠦᠲᠦᠭᠡᠨ ᠪᠠᠶᠢᠭᠤᠯᠤᠯᠲᠠ ᠭᠡᠳᠡᠭ ᠢᠶᠡᠷ ᠢᠶᠡᠨ ᠣᠨᠴᠠᠯᠢᠭ ᠲᠠᠢ ᠭᠡᠳᠡᠭ ᠢ ᠵᠠᠮ ᠲᠡᠭᠡᠭᠡᠪᠦᠷᠢ ᠬᠦᠭᠵᠢᠯ ᠦᠨ ᠶᠠᠮᠤᠨ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ