《Google》ᠺᠣᠮᠫᠠᠨᠢ ᠮᠣᠩᠭᠣᠯ ᠤᠯᠤᠰ ᠲᠤ ᠪᠠᠭᠰᠢ ᠪᠡᠯᠡᠳᠬᠡᠬᠦ ᠬᠥᠲᠥᠯᠪᠦᠷᠢ ᠬᠡᠷᠡᠭᠵᠢᠭᠦᠯᠦᠨ᠎ᠡ | News.MN

《Google》ᠺᠣᠮᠫᠠᠨᠢ ᠮᠣᠩᠭᠣᠯ ᠤᠯᠤᠰ ᠲᠤ ᠪᠠᠭᠰᠢ ᠪᠡᠯᠡᠳᠬᠡᠬᠦ ᠬᠥᠲᠥᠯᠪᠦᠷᠢ ᠬᠡᠷᠡᠭᠵᠢᠭᠦᠯᠦᠨ᠎ᠡ

ᠠᠮᠧᠷᠢᠺᠠ ᠶᠢᠨ ᠨᠢᠭᠡᠳᠦᠭᠰᠡᠨ ᠤᠯᠤᠰ  ᠲᠦ ᠠᠯᠪᠠᠨ ᠶᠣᠰᠣᠨ ᠤ ᠠᠶᠢᠯᠴᠢᠯᠠᠯ ᠬᠢᠵᠦ ᠪᠠᠶᠢᠭ᠎ᠠ ᠶᠡᠷᠦᠩᠬᠡᠢ ᠰᠠᠶᠢᠳ ᠯ∙ᠤᠶᠤᠡᠡᠷᠳᠡᠨᠢ  ᠨᠠᠢ᠌ᠮᠠᠳᠤᠭᠠᠷ ᠰᠠᠷ᠎ᠠ ᠶᠢᠨ ᠳᠦᠷᠪᠡᠨ ᠳᠦ ᠳᠡᠯᠡᠬᠡᠢ ᠶᠢᠨ ᠮᠡᠳᠡᠭᠡᠯᠡᠯ᠂ ᠲᠧᠭᠨᠣᠯᠣᠭᠢ ᠶᠢᠨ ᠰᠠᠯᠪᠤᠷᠢ ᠳᠤ ᠲᠡᠷᠢᠭᠦᠯᠡᠭᠴᠢ《Google》 ᠺᠣᠮᠫᠠᠨᠢ ᠶᠢᠨ ᠸᠠᠰᠢᠩᠲ᠋ᠣᠨ ᠬᠣᠲᠠ ᠳ᠋ᠡᠬᠢ ᠰᠠᠯᠪᠤᠷᠢ ᠳᠤ ᠵᠣᠴᠢᠯᠠᠯ᠎ᠠ᠃
ᠲᠤᠰ ᠺᠣᠮᠫᠠᠨᠢ ᠶᠢᠨ ᠤᠳᠤᠷᠢᠳᠤᠯᠭ᠎ᠠ ᠨᠠᠷ ᠲᠠᠢ ᠠᠭᠤᠯᠵᠠᠬᠤ ᠳᠤ ᠪᠠᠨ ᠮᠣᠩᠭᠣᠯ ᠤᠯᠤᠰ ᠤᠯᠠᠮᠵᠢᠯᠠᠯᠲᠤ ᠨᠡᠭᠦᠳᠡᠯᠴᠢᠨ ᠥᠪ ᠰᠤᠶᠤᠯ᠂ ᠣᠷᠴᠢᠨ ᠦᠶ᠎ᠡ ᠶᠢᠨ ᠲᠧᠭᠨᠣᠯᠣᠭᠢ ᠶᠢ ᠬᠣᠣᠰᠯᠠᠭᠤᠯᠤᠨ ᠴᠠᠬᠢᠮ ᠰᠢᠯᠵᠢᠯᠲᠡ  ᠬᠢᠵᠦ ᠪᠤᠢ ᠶᠢ ᠲᠡᠷᠡ ᠣᠨᠴᠠᠯᠠᠪᠠ᠃ ᠮᠥᠨ 《Google》 ᠺᠣᠮᠫᠠᠨᠢ ᠪᠦᠲᠦᠭᠡᠭᠳᠡᠬᠦᠨ ᠦᠢᠯᠡᠴᠢᠯᠡᠭᠡ᠂ ᠬᠥᠲᠥᠯᠪᠦᠷᠢ ᠨᠦᠭᠦᠳ ᠢᠶᠡᠨ ᠮᠣᠩᠭᠣᠯ ᠤᠯᠤᠰ ᠲᠤ ᠨᠡᠪᠲᠡᠷᠡᠭᠦᠯᠬᠦ ᠳᠦ ᠪᠡᠨ ᠪᠣᠯᠪᠠᠰᠤᠷᠠᠯ ᠤᠨ ᠰᠠᠯᠪᠤᠷᠢ ᠶᠢᠨ ᠴᠠᠬᠢᠮ ᠰᠢᠯᠵᠢᠯᠲᠡ ᠶᠢ ᠳᠡᠮᠵᠢᠬᠦ ᠴᠢᠭᠯᠡᠯ ᠢᠶᠡᠷ ᠡᠬᠢᠯᠡᠭᠦᠯᠵᠦ᠂ ᠪᠣᠯᠪᠠᠰᠤᠷᠠᠯ ᠤᠨ ᠰᠠᠯᠪᠤᠷᠢ ᠳᠤ 10000 ᠪᠠᠭᠰᠢ ᠶᠢ ᠴᠠᠬᠢᠮ ᠤᠷ᠎ᠠ ᠴᠢᠳᠠᠪᠤᠷᠢ ᠲᠠᠢ ᠪᠣᠯᠭᠠᠬᠤ ᠬᠥᠲᠥᠯᠪᠦᠷᠢ ᠬᠡᠷᠡᠭᠵᠢᠭᠦᠯᠬᠦ ᠪᠡᠷ ᠪᠣᠯᠤᠭᠰᠠᠨ ᠳᠤ ᠲᠠᠯᠠᠷᠬᠠᠯ ᠢᠯᠡᠷᠬᠡᠶᠢᠯᠡᠪᠡ᠃
ᠠᠭᠤᠯᠵᠠᠯᠲᠠ ᠶᠢᠨ ᠦᠷ᠎ᠡ ᠳ᠋ᠦᠩ ᠳᠦ Youtube Local᠂ Android ᠲᠥᠯᠥᠪᠦᠷᠢ ᠶᠢᠨ ᠦᠢᠯᠡᠴᠢᠯᠡᠭᠡ ᠶᠢ ᠮᠣᠩᠭᠣᠯ ᠤᠨ ᠵᠠᠬ᠎ᠠ ᠵᠡᠭᠡᠯᠢ ᠳᠦ ᠨᠡᠪᠲᠡᠷᠡᠭᠦᠯᠬᠦ ᠬᠠᠮᠲᠤ ᠶᠢᠨ ᠠᠵᠢᠯᠯᠠᠭ᠎ᠠ ᠶᠢ ᠡᠬᠢᠯᠡᠭᠦᠯᠬᠦ ᠪᠡᠷ ᠪᠣᠯᠪᠠ᠃ ᠡᠨᠡ ᠬᠦ ᠦᠢᠯᠡᠴᠢᠯᠡᠭᠡᠨ ᠨᠦᠭᠦᠳ ᠮᠣᠩᠭᠣᠯ ᠳᠤ ᠨᠡᠪᠲᠡᠷᠡᠭᠰᠡᠨ ᠢᠶᠡᠷ ᠰᠲ᠋ᠠᠲ᠋ᠠᠫ᠂ ᠠᠫᠫ ᠬᠥᠭᠵᠢᠭᠦᠯᠦᠭᠴᠢᠳ Android in-app purchase  ᠪᠠᠷ ᠣᠷᠣᠯᠭ᠎ᠠ ᠶᠢᠨ ᠡᠬᠢ ᠡᠭᠦᠰᠪᠦᠷᠢ ᠲᠡᠢ ᠪᠣᠯᠬᠤ ᠲᠡᠳᠦᠢ ᠦᠭᠡᠢ᠂ ᠮᠣᠩᠭᠣᠯ ᠺᠣᠨᠲ᠋ᠧᠨᠲ ᠪᠦᠲᠦᠭᠡᠭᠴᠢᠳ Youtube  ᠪᠡᠷ ᠣᠷᠣᠯᠭ᠎ᠠ ᠤᠯᠬᠤ ᠪᠣᠯᠤᠮᠵᠢ ᠪᠥᠷᠢᠳᠬᠦ ᠶᠤᠮ᠃ ᠲᠤᠰ ᠦᠢᠯᠡᠴᠢᠯᠡᠭᠡ ᠶᠢ ᠪᠦᠷᠢᠨ ᠨᠡᠪᠲᠡᠷᠡᠭᠦᠯᠬᠦ ᠳᠦ 《Google》ᠺᠣᠮᠫᠠᠨᠢ  ᠱᠠᠭᠠᠷᠳᠠᠯᠭ᠎ᠠ ᠲᠠᠢ ᠪᠡᠯᠡᠳᠬᠡᠯ ᠠᠵᠢᠯ ᠢ ᠪᠣᠭᠣᠨᠢ ᠬᠤᠭᠤᠴᠠᠭᠠᠨ ᠳᠤ ᠬᠡᠷᠡᠭᠵᠢᠭᠦᠯᠬᠦ ᠪᠡᠨ ᠮᠡᠳᠡᠭᠳᠡᠯ᠎ᠡ᠃

ᠰᠡᠳᠬᠢᠭᠳᠡᠯ ᠦᠯᠡᠳᠡᠭᠡᠬᠦ