ᠮᠣᠩᠭᠣᠯ᠂ ᠣᠷᠣᠰ ᠤᠨ ᠰᠤᠳᠤᠯᠤᠭᠠᠴᠢᠳ ᠲᠠᠷᠪᠠᠭᠠᠨ ᠲᠠᠬᠤᠯ ᠤᠨ ᠰᠤᠳᠤᠯᠭ᠎ᠠ ᠬᠢᠵᠦ ᠪᠠᠶᠢᠨ᠎ᠠ | News.MN

ᠮᠣᠩᠭᠣᠯ᠂ ᠣᠷᠣᠰ ᠤᠨ ᠰᠤᠳᠤᠯᠤᠭᠠᠴᠢᠳ ᠲᠠᠷᠪᠠᠭᠠᠨ ᠲᠠᠬᠤᠯ ᠤᠨ ᠰᠤᠳᠤᠯᠭ᠎ᠠ ᠬᠢᠵᠦ ᠪᠠᠶᠢᠨ᠎ᠠ

ᠮᠣᠩᠭᠣᠯ᠂ ᠣᠷᠣᠰ ᠤᠨ ᠰᠤᠳᠤᠯᠤᠭᠠᠴᠢᠳ ᠬᠠᠮᠲᠤᠷᠠᠨ ᠬᠣᠶᠠᠷ ᠤᠯᠤᠰ ᠤᠨ ᠬᠢᠯᠢ ᠣᠷᠴᠢᠮ ᠤᠨ ᠪᠥᠰᠡ ᠨᠤᠲᠤᠭ ᠳᠠᠬᠢ ᠲᠠᠷᠪᠠᠭᠠᠨ ᠲᠠᠬᠤᠯ ᠤᠨ ᠪᠠᠢᠭᠠᠯᠢ ᠶᠢᠨ ᠭᠤᠯᠤᠮᠲᠠ ᠳᠤ ᠲᠠᠩᠳᠠᠯᠲᠠ ᠰᠤᠳᠤᠯᠭ᠎ᠠ ᠬᠢᠵᠦ ᠪᠠᠶᠢᠨ᠎ᠠ᠃ ᠰᠤᠳᠤᠯᠭᠠᠨ ᠤ ᠠᠵᠢᠯ ᠥᠩᠭᠡᠷᠡᠭᠰᠡᠨ ᠰᠠᠷ᠎ᠠ ᠶᠢᠨ 17  ᠤ ᠡᠳᠦᠷ ᠡᠬᠢᠯᠡᠭᠰᠡᠨ ᠪᠠ ᠽᠤᠤᠨᠤᠽ ᠤᠨ ᠡᠪᠡᠳᠴᠢᠨ ᠰᠤᠳᠤᠯᠤᠯ ᠤᠨ ᠦᠨᠳᠦᠰᠦᠨ ᠦ ᠲᠥᠪ᠂ ᠪᠠᠶᠠᠨ-ᠥᠯᠥᠭᠡᠢ ᠠᠶᠢᠮᠠᠭ ᠤᠨ ᠽᠤᠤᠨᠤᠽ ᠤᠨ ᠡᠪᠡᠳᠴᠢᠨ ᠰᠤᠳᠤᠯᠤᠯ ᠤᠨ ᠦᠨᠳᠦᠰᠦᠨ ᠦ ᠲᠥᠪ ᠪᠣᠯᠤᠨ ᠣᠷᠣᠰ  ᠤᠨ ᠡᠷᠬᠦᠦ ᠬᠣᠲᠠ ᠳ᠋ᠡᠬᠢ ᠰᠢᠪᠢᠷᠢ᠂ ᠠᠯᠤᠰ ᠳᠣᠷᠣᠨᠠᠲᠤ ᠶᠢᠨ ᠲᠠᠷᠪᠠᠭᠠᠨ ᠲᠠᠬᠤᠯ ᠰᠤᠳᠤᠯᠤᠯ ᠤᠨ ᠡᠷᠳᠡᠮ ᠰᠢᠨᠵᠢᠯᠡᠭᠡᠨ ᠦ ᠬᠦᠷᠢᠶᠡᠯᠡᠩ᠂ ᠪᠦᠭᠦᠳᠡ ᠨᠠᠶᠢᠷᠠᠮᠳᠠᠬᠤ ᠠᠯᠲᠠᠢ ᠤᠯᠤᠰ ᠤᠨ ᠲᠠᠷᠪᠠᠭᠠᠨ ᠲᠠᠬᠤᠯ ᠡᠰᠡᠷᠭᠦᠴᠡᠨ ᠰᠤᠳᠤᠯᠬᠤ ᠰᠲ᠋ᠠᠨᠼ ᠤᠨ ᠰᠤᠳᠤᠯᠤᠭᠠᠴᠢᠳ ᠣᠷᠣᠯᠴᠠᠵᠤ ᠪᠠᠶᠢᠨ᠎ᠠ᠃
ᠬᠤᠶᠠᠷ ᠤᠯᠤᠰ ᠤᠨ ᠰᠤᠳᠤᠯᠤᠭᠠᠴᠢᠳ ᠤᠨ ᠳᠤᠯᠤᠳᠠᠬᠢ ᠵᠢᠯ ᠳᠦ ᠪᠡᠨ ᠬᠠᠮᠲᠤᠷᠠᠨ ᠶᠠᠪᠤᠭᠤᠯᠵᠤ ᠪᠤᠢ ᠲᠠᠷᠪᠠᠭᠠᠨ ᠲᠠᠬᠤᠯ ᠤᠨ ᠪᠠᠢᠭᠠᠯᠢ ᠶᠢᠨ ᠭᠣᠯᠣᠮᠲᠠ ᠶᠢᠨ ᠲᠠᠩᠳᠠᠯᠲᠠ ᠰᠤᠳᠤᠯᠭ᠎ᠠ ᠨᠢ ᠡᠨᠡ ᠰᠠᠷ᠎ᠠ ᠶᠢᠨ 17 ᠬᠦᠷᠲᠡᠯ᠎ᠡ ᠦᠷᠭᠦᠯᠵᠢᠯᠡᠨ᠎ᠡ᠃

ᠰᠡᠳᠬᠢᠭᠳᠡᠯ ᠦᠯᠡᠳᠡᠭᠡᠬᠦ