《ᠶᠡᠬᠡ ᠠᠯᠲᠠᠢ》ᠣᠯᠠᠨ ᠤᠯᠤᠰ ᠤᠨ ᠰᠫᠣᠷᠲ ᠤᠨ ᠨᠠᠭᠠᠳᠤᠮ ᠪᠣᠯᠤᠨ᠎ᠠ | News.MN

《ᠶᠡᠬᠡ ᠠᠯᠲᠠᠢ》ᠣᠯᠠᠨ ᠤᠯᠤᠰ ᠤᠨ ᠰᠫᠣᠷᠲ ᠤᠨ ᠨᠠᠭᠠᠳᠤᠮ ᠪᠣᠯᠤᠨ᠎ᠠ

《ᠶᠡᠬᠡ ᠠᠯᠲᠠᠢ》︵Great Altai︶ᠣᠯᠠᠨ ᠤᠯᠤᠰ ᠤᠨ ᠠᠶᠠᠯᠠᠯ ᠵᠢᠭᠤᠯᠴᠢᠯᠠᠯ᠂ ᠰᠫᠣᠷᠲ ᠤᠨ ᠶᠡᠬᠡ ᠨᠠᠭᠠᠳᠤᠮ ᠪᠠᠶᠠᠨ-ᠥᠯᠥᠭᠡᠢ ᠠᠶᠢᠮᠠᠭ ᠲᠤ ᠠᠷᠪᠠᠨ  ᠤ ᠡᠳᠦᠷ ᠡᠬᠢᠯᠡᠨ᠎ᠡ᠃ ᠮᠣᠩᠭᠣᠯ᠂ ᠣᠷᠣᠰ᠂ ᠬᠢᠲᠠᠳ᠂ ᠬᠠᠰᠠᠭᠰᠲ᠋ᠠᠨ ᠤᠯᠤᠰ ᠤᠳ ᠤᠨ ᠠᠯᠲᠠᠢ ᠶᠢᠨ ᠠᠭᠤᠯᠠᠰ ᠢ ᠳᠠᠮᠵᠢᠭᠰᠠᠨ ᠪᠥᠰᠡ ᠨᠤᠲᠤᠭ ᠤᠨ ᠮᠤᠵᠢ᠂ ᠠᠶᠢᠮᠠᠭ᠂ ᠪᠦᠭᠦᠳᠡ ᠨᠠᠶᠢᠷᠠᠮᠳᠠᠬᠤ ᠤᠯᠤᠰ ᠤᠳ ᠤᠨ ᠬᠠᠮᠲᠤᠷᠠᠭᠰᠠᠨ ᠰᠠᠨᠠᠭᠠᠴᠢᠯᠠᠭ᠎ᠠ ᠪᠠᠷ《ᠠᠯᠲᠠᠢ – ᠪᠢᠳᠡᠨ ᠦ ᠨᠡᠶᠢᠲᠡ ᠶᠢᠨ ᠭᠡᠷ》 ᠣᠯᠠᠨ ᠤᠯᠤᠰ ᠤᠨ ᠵᠣᠬᠢᠴᠠᠭᠤᠯᠬᠤ ᠵᠥᠪᠯᠡᠯ ᠢ 2003 ᠣᠨ ᠳᠤ ᠪᠠᠶᠢᠭᠤᠯᠤᠭᠰᠠᠨ ᠪᠠᠶᠢᠳᠠᠭ᠃ ᠲᠤᠰ ᠵᠥᠪᠯᠡᠯ ᠦᠨ ᠵᠣᠬᠢᠶᠠᠨ ᠪᠠᠶᠢᠭᠤᠯᠳᠠᠭ ᠲᠣᠮᠣᠬᠠᠨ ᠠᠵᠢᠯ ᠤᠳ ᠤᠨ ᠨᠢᠭᠡ ᠪᠣᠯ 《ᠶᠡᠬᠡ ᠠᠯᠲᠠᠢ》 ᠣᠯᠠᠨ ᠤᠯᠤᠰ ᠤᠨ ᠠᠶᠠᠯᠠᠯ ᠵᠢᠭᠤᠯᠴᠢᠯᠠᠯ᠂ ᠰᠫᠣᠷᠲ ᠤᠨ ᠶᠡᠬᠡ ᠨᠠᠭᠠᠳᠤᠮ ᠪᠥᠭᠡᠳ ᠠᠩᠬ᠎ᠠ 2013 ᠣᠨ ᠳᠤ ᠮᠣᠩᠭᠣᠯ ᠤᠯᠤᠰ ᠤᠨ ᠪᠠᠶᠠᠨ-ᠥᠯᠥᠭᠡᠢ᠂ ᠬᠣᠪᠳᠣ ᠠᠶᠢᠮᠠᠭ ᠤᠳ ᠲᠤ ᠵᠣᠬᠢᠶᠠᠨ ᠪᠠᠶᠢᠭᠤᠯᠵᠤ ᠪᠠᠶᠢᠭᠰᠠᠨ ᠲᠡᠦᠬᠡ ᠲᠡᠢ᠃ ᠲᠡᠭᠦᠨ ᠡᠴᠡ ᠬᠣᠶᠢᠰᠢ ᠳᠡᠭᠡᠷ᠎ᠡ ᠳᠤᠷᠠᠳᠤᠭᠰᠠᠨ ᠳᠥᠷᠪᠡᠨ ᠤᠯᠤᠰ ᠡᠭᠡᠯᠵᠢᠯᠡᠨ ᠬᠤᠶᠠᠷ ᠵᠢᠯ ᠳᠦ ᠨᠢᠭᠡ ᠤᠳᠠᠭ᠎ᠠ ᠵᠣᠬᠢᠶᠠᠨ ᠪᠠᠶᠢᠭᠤᠯᠳᠠᠭ ᠪᠣᠯᠤᠭᠰᠠᠨ᠃
《ᠶᠡᠬᠡ ᠠᠯᠲᠠᠢ》ᠣᠯᠠᠨ ᠤᠯᠤᠰ ᠤᠨ ᠠᠶᠠᠯᠠᠯ ᠵᠢᠭᠤᠯᠴᠢᠯᠠᠯ᠂ ᠰᠫᠣᠷᠲ ᠤᠨ ᠶᠡᠬᠡ ᠨᠠᠭᠠᠳᠤᠮ ᠢ ᠮᠠᠨ ᠤ ᠤᠯᠤᠰ 2021 ᠣᠨ ᠳᠤ ᠵᠣᠬᠢᠶᠠᠨ ᠪᠠᠶᠢᠭᠤᠯᠬᠤ ᠡᠭᠡᠯᠵᠢ ᠲᠡᠢ ᠪᠠᠶᠢᠭᠰᠠᠨ ᠴᠤ ᠴᠠᠷ᠎ᠠ ᠲᠠᠬᠤᠯ ᠤᠨ ᠤᠯᠠᠮ ᠠᠴᠠ ᠬᠣᠶᠢᠰᠢᠯᠠᠭᠳᠠᠵᠤ 10 ᠵᠢᠯ ᠦᠨ ᠣᠢ ᠪᠠᠷ ᠨᠢ ᠡᠶᠢᠨᠬᠦᠦ ᠬᠤᠶᠠᠳᠠᠬᠢ  ᠤᠳᠠᠭ᠎ᠠ ᠪᠠᠶᠠᠨ-ᠥᠯᠥᠭᠡᠢ ᠠᠶᠢᠮᠠᠭ ᠲᠤ ᠪᠣᠯᠬᠤ ᠭᠡᠵᠦ ᠪᠠᠶᠢᠨ᠎ᠠ᠃ ᠡᠨᠡ ᠤᠳᠠᠭ᠎ᠠ ᠶᠢᠨ ᠶᠡᠬᠡ ᠨᠠᠭᠠᠳᠤᠮ ᠳᠤ ᠣᠷᠣᠰ  ᠠᠴᠠ 150᠂ ᠬᠠᠰᠠᠭᠰᠲ᠋ᠠᠨ ᠤᠯᠤᠰ ᠠᠴᠠ 17᠂  ᠪᠧᠯᠠᠷᠦ᠋ᠰ ᠤᠯᠤᠰ ᠠᠴᠠ 10᠂ ᠬᠢᠲᠠᠳ  ᠠᠴᠠ 20᠂ ᠮᠣᠩᠭᠣᠯ ᠤᠯᠤᠰ ᠤᠨ ᠪᠠᠶᠠᠨ-ᠥᠯᠥᠭᠡᠢ᠂ ᠬᠣᠪᠳᠣ ᠠᠶᠢᠮᠠᠭ ᠤᠳ ᠠᠴᠠ 60 ᠣᠷᠴᠢᠮ ᠲᠠᠮᠢᠷᠴᠢᠨ ᠣᠷᠣᠯᠴᠠᠨ᠎ᠠ᠃

ᠰᠡᠳᠬᠢᠭᠳᠡᠯ ᠦᠯᠡᠳᠡᠭᠡᠬᠦ