ᠠᠮᠧᠷᠢᠺᠠ ᠶᠢᠨ ᠫᠠᠲ᠋ᠧᠨᠲ᠂ ᠪᠠᠷᠠᠭᠠᠨ ᠤ ᠲᠡᠮᠳᠡᠭ ᠦᠨ ᠭᠠᠵᠠᠷ ᠲᠠᠢ ᠰᠠᠨᠠᠮᠵᠢ ᠪᠢᠴᠢᠭ ᠪᠠᠶᠢᠭᠤᠯᠪᠠ | News.MN

ᠠᠮᠧᠷᠢᠺᠠ ᠶᠢᠨ ᠫᠠᠲ᠋ᠧᠨᠲ᠂ ᠪᠠᠷᠠᠭᠠᠨ ᠤ ᠲᠡᠮᠳᠡᠭ ᠦᠨ ᠭᠠᠵᠠᠷ ᠲᠠᠢ ᠰᠠᠨᠠᠮᠵᠢ ᠪᠢᠴᠢᠭ ᠪᠠᠶᠢᠭᠤᠯᠪᠠ

ᠮᠣᠩᠭᠣᠯ ᠤᠯᠤᠰ ᠤᠨ ᠶᠡᠷᠦᠩᠬᠡᠢ ᠰᠠᠶᠢᠳ ᠯ∙ᠤᠶᠤᠡᠡᠷᠳᠡᠨᠢ ᠨᠢ ᠣᠶᠤᠨ ᠤ ᠥᠮᠴᠢ ᠶᠢᠨ ᠦᠨᠳᠦᠰᠦᠨ ᠦ ᠵᠥᠪᠯᠡᠯ ᠢ ᠳᠠᠷᠤᠭᠠᠯᠠᠳᠠᠭ ᠪᠥᠭᠡᠳ ᠠᠮᠧᠷᠢᠺᠠ  ᠳᠦ ᠬᠢᠵᠦ ᠪᠠᠶᠢᠭ᠎ᠠ ᠠᠯᠪᠠᠨ ᠶᠣᠰᠣᠨ ᠤ ᠠᠶᠢᠯᠴᠢᠯᠠᠯ ᠤᠨ ᠦᠶ᠎ᠡ ᠪᠡᠷ ᠮᠣᠩᠭᠣᠯ ᠤᠯᠤᠰ ᠤᠨ ᠣᠶᠤᠨ ᠤ ᠥᠮᠴᠢ ᠶᠢᠨ ᠭᠠᠵᠠᠷ ᠪᠣᠯᠤᠨ ᠠᠮᠧᠷᠢᠺᠠ ᠶᠢᠨ ᠨᠢᠭᠡᠳᠦᠭᠰᠡᠨ ᠤᠯᠤᠰ ᠤᠨ ᠫᠠᠲ᠋ᠧᠨᠲ᠂ ᠪᠠᠷᠠᠭᠠᠨ ᠤ ᠲᠡᠮᠳᠡᠭ ᠦᠨ ᠭᠠᠵᠠᠷ ᠬᠣᠭᠣᠷᠣᠨᠳᠣ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠪᠠᠶᠢᠭᠤᠯᠤᠯ᠎ᠠ᠃
ᠰᠠᠨᠠᠮᠵᠢ ᠪᠢᠴᠢᠭ ᠦᠨ ᠬᠦᠷᠢᠶᠡᠨ ᠳᠦ ᠢᠨᠨᠣᠸᠠᠼ᠂ ᠡᠳ᠋  ᠦᠨ ᠵᠠᠰᠠᠭ ᠤᠨ ᠥᠰᠦᠯᠲᠡ ᠶᠢ ᠳᠡᠮᠵᠢᠬᠦ ᠳᠦ ᠣᠶᠤᠨ ᠤ ᠥᠮᠴᠢ ᠶᠢᠨ ᠭᠦᠢᠴᠡᠳᠭᠡᠬᠦ ᠡᠭᠦᠷᠭᠡ᠂ ᠣᠶᠤᠨ ᠤ ᠥᠮᠴᠢ ᠶᠢ ᠡᠵᠡᠮᠰᠢᠬᠦ᠂ ᠠᠰᠢᠭᠯᠠᠬᠤ᠂ ᠬᠠᠮᠠᠭᠠᠯᠠᠬᠤ ᠳᠤ ᠴᠢᠭᠯᠡᠭᠰᠡᠨ ᠠᠭᠤᠯᠵᠠᠯᠲᠠ᠂ ᠰᠤᠷᠭᠠᠯᠲᠠ᠂ ᠰᠧᠮᠢᠨᠠᠷ ᠵᠣᠬᠢᠶᠠᠨ ᠪᠠᠶᠢᠭᠤᠯᠬᠤ᠂ ᠣᠶᠤᠨ ᠤ ᠥᠮᠴᠢ ᠶᠢ ᠣᠯᠠᠨ ᠨᠡᠶᠢᠲᠡ ᠳᠦ ᠰᠤᠷᠲᠠᠯᠴᠢᠯᠠᠬᠤ᠂ ᠫᠠᠲ᠋ᠧᠨᠲ᠂ ᠪᠠᠷᠠᠭᠠᠨ ᠤ ᠲᠡᠮᠳᠡᠭ ᠦᠨ ᠰᠢᠨᠵᠢᠭᠡᠴᠢᠳ ᠢ ᠰᠤᠷᠭᠠᠬᠤ᠂ ᠬᠠᠷᠢᠯᠴᠠᠨ ᠲᠤᠷᠰᠢᠯᠭ᠎ᠠ᠂ ᠮᠡᠳᠡᠭᠡᠯᠡᠯ ᠰᠤᠯᠢᠯᠴᠠᠬᠤ ᠵᠡᠷᠭᠡ ᠪᠡᠷ ᠲᠠᠯ᠎ᠠ ᠨᠤᠭᠤᠳ ᠢᠷᠡᠬᠦ ᠲᠠᠪᠤᠨ ᠵᠢᠯ ᠦᠨ ᠬᠤᠭᠤᠴᠠᠭᠠᠨ ᠳᠤ ᠬᠠᠮᠲᠤᠷᠠᠨ ᠠᠵᠢᠯᠯᠠᠨ᠎ᠠ᠃

ᠰᠡᠳᠬᠢᠭᠳᠡᠯ ᠦᠯᠡᠳᠡᠭᠡᠬᠦ