ᠠᠭᠠᠷ ᠤᠨ ᠲᠡᠭᠡᠭᠡᠪᠦᠷᠢ ᠪᠡᠷ 567 ᠲᠣᠨ ᠠᠴᠢᠶ᠎ᠠ ᠲᠡᠭᠡᠭᠡᠪᠦᠷᠢᠯᠡᠵᠡᠢ | News.MN

ᠠᠭᠠᠷ ᠤᠨ ᠲᠡᠭᠡᠭᠡᠪᠦᠷᠢ ᠪᠡᠷ 567 ᠲᠣᠨ ᠠᠴᠢᠶ᠎ᠠ ᠲᠡᠭᠡᠭᠡᠪᠦᠷᠢᠯᠡᠵᠡᠢ

ᠳᠤᠯᠤᠳᠤᠭᠠᠷ ᠰᠠᠷ᠎ᠠ ᠳᠤ 567.97 ᠲᠣᠨ ᠠᠴᠢᠶ᠎ᠠ ᠶᠢ ᠠᠭᠠᠷ ᠤᠨ ᠲᠡᠭᠡᠭᠡᠪᠦᠷᠢ ᠪᠡᠷ ᠲᠡᠭᠡᠭᠡᠪᠦᠷᠢᠯᠡᠵᠦ᠂ 2023 ᠣᠨ ᠤ ᠡᠬᠢᠨ ᠡᠴᠡ ᠥᠰᠦᠭᠰᠡᠨ  ᠳ᠋ᠦᠩ ᠢᠶᠡᠷ 4645.8 ᠲᠣᠨ ᠪᠣᠯᠵᠠᠢ᠃ ᠡᠨᠡ ᠨᠢ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠪᠠᠯ 2917.1 ᠮᠢᠩᠭᠠᠨ ᠲᠣᠨ ᠢᠶᠠᠷ ᠪᠤᠶᠤ 38.6 ᠬᠤᠪᠢ ᠪᠠᠷ ᠪᠠᠭᠤᠷᠠᠭᠰᠠᠨ ᠦᠵᠡᠭᠦᠯᠦᠯᠲᠡ ᠶᠤᠮ᠃ ᠲᠡᠭᠦᠨᠴᠢᠯᠡᠨ ᠣᠯᠠᠨ ᠤᠯᠤᠰ ᠲᠤ 4634.95 ᠲᠣᠨ ᠠᠴᠢᠶ᠎ᠠ᠂ ᠰᠢᠤᠳᠠᠨ ᠢ ᠲᠡᠭᠡᠭᠡᠪᠦᠷᠢᠯᠡᠭᠰᠡᠨ ᠨᠢ ᠨᠡᠶᠢᠲᠡ ᠲᠡᠭᠡᠭᠡᠪᠦᠷᠢᠯᠡᠭᠰᠡᠨ ᠠᠴᠢᠶᠠᠨ ᠤ 99.8 ᠬᠤᠪᠢ ᠶᠢ ᠡᠵᠡᠯᠡᠵᠦ ᠪᠠᠶᠢᠨ᠎ᠠ᠃

ᠥᠩᠭᠡᠷᠡᠭᠰᠡᠨ ᠰᠠᠷ᠎ᠠ ᠳᠤ 215.4 ᠮᠢᠩᠭᠠᠨ ᠬᠦᠮᠦᠨ ᠵᠣᠷᠴᠢᠭᠰᠠᠨ ᠨᠢ ᠡᠮᠦᠨᠡᠬᠢ ᠰᠠᠷ᠎ᠠ ᠠᠴᠠ 47.9 ᠮᠢᠩᠭᠠᠨ ᠬᠦᠮᠦᠨ ᠪᠤᠶᠤ 28.6 ᠬᠤᠪᠢ ᠪᠠᠷ ᠨᠡᠮᠡᠭᠳᠡᠭᠰᠡᠨ ᠪᠠᠶᠢᠨ᠎ᠠ᠃ ᠠᠭᠠᠷ ᠤᠨ ᠲᠡᠭᠡᠭᠡᠪᠦᠷᠢ ᠪᠡᠷ ᠣᠷᠣᠨ ᠨᠤᠲᠤᠭ ᠲᠤ ᠵᠣᠷᠴᠢᠭᠴᠢᠳ ᠡᠨᠡ ᠣᠨ ᠤ ᠡᠬᠢᠨ ᠦ ᠳᠣᠯᠣᠭᠠᠨ ᠰᠠᠷ᠎ᠠ ᠳᠤ 231.4 ᠮᠢᠩᠭᠠᠨ ᠬᠦᠮᠦᠨ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 437.3 ᠮᠢᠩᠭᠠᠨ ᠬᠦᠮᠦᠨ ᠪᠤᠶᠤ 25.7 ᠬᠤᠪᠢ ᠪᠠᠷ ᠨᠡᠮᠡᠭᠳᠡᠵᠡᠢ᠃

ᠰᠡᠳᠬᠢᠭᠳᠡᠯ ᠦᠯᠡᠳᠡᠭᠡᠬᠦ