ᠰᠤᠶᠤᠯ ᠤᠨ ᠰᠠᠶᠢᠳ ᠴ∙ᠨᠣᠮᠢᠨ ᠪᠦᠭᠦᠳᠡ ᠨᠠᠶᠢᠷᠠᠮᠳᠠᠬᠤ ᠴᠧᠾ ᠤᠯᠤᠰ ᠤᠨ ᠡᠯᠴᠢᠨ ᠰᠠᠶᠢᠳ ᠤᠨ ᠶᠠᠮᠤᠨ ᠤ ᠡᠯᠴᠢᠨ ᠵᠥᠪᠯᠡᠬᠦ ᠯᠤᠺᠠᠱ ᠶᠠᠨᠢᠴᠧᠺ᠂ ᠲᠤᠰ ᠤᠯᠤᠰ ᠤᠨ ᠦᠨᠳᠦᠰᠦᠨ ᠦ ᠮᠦᠽᠧᠢ ᠶᠢᠨ ᠵᠠᠬᠢᠷᠤᠯ ᠮᠢᠬᠠᠢᠯ ᠯᠤᠺᠧᠱ ᠨᠠᠷ ᠢ ᠬᠦᠯᠢᠶᠡᠨ ᠠᠪᠴᠤ ᠠᠭᠤᠯᠵᠠᠯ᠎ᠠ᠃
ᠴ∙ᠨᠣᠮᠢᠨ ᠰᠤᠶᠤᠯ ᠤᠨ ᠶᠠᠮᠤᠨ ᠳᠠᠬᠢᠨ ᠪᠠᠢᠭᠤᠯᠤᠭᠳᠠᠭᠰᠠᠨ ᠢᠶᠠᠷ ᠮᠣᠩᠭᠣᠯ ᠤᠯᠤᠰ ᠤᠨ ᠰᠤᠶᠤᠯ᠂ ᠤᠷᠠᠯᠢᠭ ᠤᠨ ᠰᠠᠯᠪᠤᠷᠢ ᠶᠢ ᠬᠥᠭᠵᠢᠭᠦᠯᠬᠦ᠂ ᠣᠯᠠᠨ ᠲᠠᠯᠠᠲᠤ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠲᠡᠷᠡ ᠳᠤᠮᠳᠠ ᠪᠠᠨ ᠮᠣᠩᠭᠣᠯ ᠤᠨ ᠰᠤᠶᠤᠯ ᠤᠨ ᠥᠪ ᠢ ᠳᠡᠯᠡᠬᠡᠢ ᠳ᠋ᠠᠬᠢᠨ᠎ᠠ ᠰᠤᠷᠲᠠᠯᠴᠢᠯᠠᠨ ᠲᠠᠨᠢᠭᠤᠯᠬᠤ ᠴᠢᠭᠯᠡᠯ ᠳᠦ ᠠᠩᠬᠠᠷᠴᠤ᠂ ᠡᠨᠡ ᠬᠦᠷᠢᠶᠡᠨ ᠳᠦ ᠮᠣᠩᠭᠣᠯ ᠤᠯᠤᠰ ᠤᠨ ᠮᠦᠽᠧᠢ ᠶᠢᠨ ᠬᠥᠭᠵᠢᠯ ᠳᠤ ᠠᠩᠬᠠᠷᠬᠤ᠂ ᠭᠠᠳᠠᠭᠠᠳᠤ ᠤᠯᠤᠰ ᠤᠨ ᠮᠦᠽᠧᠢ ᠲᠡᠢ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ᠂ ᠬᠠᠷᠢᠯᠴᠠᠨ ᠲᠤᠷᠰᠢᠯᠭ᠎ᠠ ᠰᠤᠳᠤᠯᠬᠤ᠂ ᠬᠠᠮᠲᠤᠷᠠᠭᠰᠠᠨ ᠲᠥᠰᠥᠯ ᠬᠥᠲᠥᠯᠪᠦᠷᠢ ᠬᠡᠷᠡᠭᠵᠢᠭᠦᠯᠦᠨ ᠠᠵᠢᠯᠯᠠᠵᠤ ᠪᠠᠶᠢᠨ᠎ᠠ᠃ ᠲᠤᠬᠠᠢᠯᠠᠪᠠᠯ 2023 ᠣᠨ ᠤ 10 ᠳ᠋ᠤᠭᠠᠷ ᠰᠠᠷ᠎ᠠ ᠳᠤ ᠪᠦᠭᠦᠳᠡ ᠨᠠᠶᠢᠷᠠᠮᠳᠠᠬᠤ ᠹᠷᠠᠨᠼᠢ ᠤᠯᠤᠰ ᠲᠤ 《ᠴᠢᠩᠭᠢᠰ ᠬᠠᠭᠠᠨ᠄ ᠮᠣᠩᠭᠣᠯᠴᠤᠳ ᠳᠡᠯᠡᠬᠡᠢ ᠶᠢ ᠥᠭᠡᠷᠡᠴᠢᠯᠡᠭᠰᠡᠨ ᠨᠢ》 ᠰᠡᠳᠦᠪᠲᠦ ᠦᠵᠡᠰᠬᠦᠯᠡᠩ ᠢ ᠲᠣᠯᠢᠯᠠᠭᠤᠯᠬᠤ ᠪᠣᠯᠤᠭᠰᠠᠨ ᠭᠡᠪᠡ᠃
ᠮᠢᠬᠠᠢᠯ ᠯᠤᠺᠧᠱ ᠴ∙ᠨᠤᠮᠢᠨ ᠳᠤ ᠲᠠᠯᠠᠷᠬᠠᠯ ᠢᠯᠡᠷᠬᠡᠶᠢᠯᠡᠬᠦ ᠶᠢᠨ ᠵᠡᠷᠭᠡᠴᠡᠭᠡ《ᠴᠢᠩᠭᠢᠰ ᠬᠠᠭᠠᠨ᠄ ᠮᠣᠩᠭᠣᠯᠴᠤᠳ ᠳᠡᠯᠡᠬᠡᠢ ᠶᠢ ᠥᠭᠡᠷᠡᠴᠢᠯᠡᠭᠰᠡᠨ ᠨᠢ》ᠦᠵᠡᠰᠬᠦᠯᠡᠩ ᠪᠣᠯᠤᠨ ᠮᠣᠩᠭᠣᠯ ᠤᠨ ᠦᠯᠭᠡ ᠭᠦᠷᠪᠡᠯ ᠦᠨ ᠦᠵᠡᠰᠬᠦᠯᠡᠩ ᠢ ᠴᠧᠾ ᠤᠯᠤᠰ ᠤᠨ ᠦᠨᠳᠦᠰᠦᠨ ᠦ ᠮᠦᠽᠧᠢ ᠳᠦ ᠵᠣᠬᠢᠶᠠᠨ ᠪᠠᠶᠢᠭᠤᠯᠬᠤ ᠳᠦ ᠬᠠᠮᠲᠤᠷᠠᠨ ᠠᠵᠢᠯᠯᠠᠬᠤ ᠬᠦᠰᠡᠯᠲᠡ ᠲᠠᠯᠪᠢᠯ᠎ᠠ᠃