ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠥᠨᠥᠳᠥᠷ︽ᠦᠨᠳᠦᠰᠦᠨ ᠦ ᠪᠠᠶᠠᠯᠢᠭ ᠤᠨ ᠰᠠᠩ ᠤᠨ ᠲᠤᠬᠠᠢ︾ ᠬᠠᠤᠯᠢ ᠶᠢᠨ ᠲᠥᠰᠥᠯ ᠢ ᠪᠣᠯᠪᠠᠰᠤᠷᠠᠭᠤᠯᠬᠤ ᠡᠭᠦᠷᠭᠡ ᠪᠦᠬᠦᠢ ᠠᠵᠢᠯ ᠤᠨ ᠬᠡᠰᠡᠭ ᠦᠨ ᠭᠡᠰᠢᠭᠦᠳ ᠲᠡᠢ ᠠᠭᠤᠯᠵᠠᠵᠤ᠂ ᠶᠠᠪᠤᠴᠠ ᠪᠠᠶᠢᠳᠠᠯ ᠤᠨ ᠲᠠᠯ᠎ᠠ ᠪᠠᠷ ᠮᠡᠳᠡᠭᠡᠯᠡᠯ ᠰᠣᠨᠣᠰᠤᠯ᠎ᠠ᠃ ᠤᠯᠤᠰ ᠤᠨ ᠶᠡᠬᠡ ᠬᠤᠷᠠᠯ ᠤᠨ 2020 ᠣᠨ ᠤ ᠨᠢᠭᠡᠳᠦᠭᠡᠷ ᠲᠣᠭᠲᠠᠭᠠᠯ ᠢᠶᠠᠷ ᠵᠠᠰᠠᠭ ᠤᠨ ᠭᠠᠵᠠᠷ ᠠᠴᠠ ︽ᠦᠨᠳᠦᠰᠦᠨ ᠦ ᠪᠠᠶᠠᠯᠢᠭ ᠤᠨ ᠰᠠᠩ ᠤᠨ ᠲᠤᠬᠠᠢ︾ᠪᠣᠯᠤᠨ︽ᠠᠰᠢᠭᠲᠤ ᠮᠠᠯᠲᠠᠮᠠᠯ ᠤᠨ ᠲᠤᠬᠠᠢ᠂ ᠣᠯᠪᠤᠷᠢᠯᠠᠬᠤ ᠦᠢᠯᠡᠳᠪᠦᠷᠢᠯᠡᠯ ᠦᠨ ᠢᠯᠡ ᠲᠣᠳᠣ ᠪᠠᠶᠢᠳᠠᠯ ᠢ ᠬᠠᠩᠭᠠᠬᠤ ᠲᠤᠬᠠᠢ︾ᠵᠡᠷᠭᠡ ᠪᠠᠭᠴᠠ ᠬᠠᠤᠯᠢ ᠶᠢᠨ ᠲᠥᠰᠥᠯ ᠢ 2021 ᠣᠨ ᠳᠤ ᠪᠠᠲᠤᠯᠠᠭᠤᠯᠬᠤ ᠶᠣᠰᠣᠲᠠᠢ ᠪᠠᠶᠢᠭᠰᠠᠨ ᠴᠤ ᠥᠨᠥ ᠶᠢ ᠬᠦᠷᠲᠡᠯ᠎ᠡ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠦᠭᠡ ᠦᠭᠡᠢ ᠪᠠᠶᠢᠨ᠎ᠠ᠃ ᠡᠨᠡ ᠬᠠᠤᠯᠢ ᠶᠢ ᠬᠤᠭᠤᠴᠠᠭᠠᠨ ᠳᠤ ᠨᠢ ᠪᠠᠲᠤᠯᠠᠭᠰᠠᠨ ᠪᠣᠯ ᠪᠠᠶᠠᠯᠢᠭ ᠤᠨ ᠬᠤᠯᠠᠭᠠᠢ ᠭᠠᠭᠠᠷᠠᠬᠤ ᠦᠭᠡᠢ ᠪᠠᠶᠢᠬᠤ ᠪᠣᠯᠤᠮᠵᠢ ᠲᠠᠢ ᠪᠠᠶᠢᠭᠰᠠᠨ ᠢ ᠲᠡᠷᠡ ᠣᠨᠴᠠᠯᠠᠨ ᠲᠡᠮᠳᠡᠭᠯᠡᠪᠡ᠃
《ᠡᠷᠳᠡᠨᠢᠰ ᠮᠣᠩᠭᠣᠯ》 ᠺᠤᠮᠫᠠᠨᠢ ᠶᠢᠨ ᠭᠦᠢᠴᠡᠳᠭᠡᠬᠦ ᠵᠠᠬᠢᠷᠤᠯ ᠰ ∙ᠨᠠᠷᠠᠨᠴᠣᠭᠲᠤ ᠲᠥᠰᠥᠯ ᠦᠨ ᠶᠠᠪᠤᠴᠠ ᠶᠢᠨ ᠲᠠᠯ᠎ᠠ ᠪᠠᠷ ᠲᠠᠨᠢᠯᠴᠠᠭᠤᠯᠪᠠ᠃ ︽ᠦᠨᠳᠦᠰᠦᠨ ᠦ ᠪᠠᠶᠠᠯᠢᠭ ᠤᠨ ᠰᠠᠩ ᠤᠨ ᠲᠤᠬᠠᠢ︾ᠬᠠᠤᠯᠢ ᠶᠢᠨ ᠲᠥᠰᠥᠯ ᠢ ᠪᠤᠯᠪᠠᠰᠤᠷᠠᠭᠤᠯᠬᠤ ᠳᠤ ᠪᠠᠨ ᠣᠯᠠᠨ ᠤᠯᠤᠰ ᠤᠨ ᠵᠢᠱᠢᠭ᠂ ᠡᠨᠡ ᠲᠥᠷᠥᠯ ᠦᠨ ᠰᠠᠩ ᠤᠳ ᠤᠨ ᠤᠳᠤᠷᠢᠳᠤᠯᠭ᠎ᠠ ᠶᠢᠨ ᠲᠣᠭᠲᠠᠯᠴᠠᠭ᠎ᠠ᠂ ᠵᠠᠰᠠᠭᠯᠠᠯ ᠤᠨ ᠵᠠᠭᠪᠤᠷ ᠤᠳ ᠢ ᠰᠤᠳᠤᠯᠤᠭᠰᠠᠨ᠃ ᠡᠮᠦᠨᠡᠬᠢ ᠵᠠᠰᠠᠭ ᠤᠨ ᠭᠠᠵᠠᠷ ᠤᠨ ᠦᠶ᠎ᠡ ᠳᠦ ᠪᠣᠯᠪᠠᠰᠤᠷᠠᠭᠤᠯᠤᠭᠰᠠᠨ ︽ᠦᠨᠳᠦᠰᠦᠨ ᠦ ᠪᠠᠶᠠᠯᠢᠭ ᠤᠨ ᠰᠠᠩ ᠤᠨ ᠲᠤᠬᠠᠢ︾ ᠬᠠᠤᠯᠢ ᠶᠢᠨ ᠲᠥᠰᠥᠯ ᠦᠨ ᠺᠣᠨᠼᠧᠫᠴ ᠢ ᠥᠭᠡᠷᠡᠴᠢᠯᠡᠬᠦ ᠱᠠᠭᠠᠷᠳᠠᠯᠭ᠎ᠠ ᠲᠠᠢ ᠭᠡᠵᠦ ᠦᠵᠡᠭᠰᠡᠨ ᠲᠤᠯᠠ ᠵᠠᠰᠠᠭ ᠤᠨ ᠭᠠᠵᠠᠷ ᠠᠴᠠ ᠳᠠᠬᠢᠨ ᠠᠵᠢᠯ ᠤᠨ ᠬᠡᠰᠡᠭ ᠢ ᠪᠠᠶᠢᠭᠤᠯᠤᠨ ᠠᠵᠢᠯᠯᠠᠵᠤ ᠪᠠᠶᠢᠨ᠎ᠠ ᠭᠡᠯᠡ᠃
︽ᠦᠨᠳᠦᠰᠦᠨ ᠦ ᠪᠠᠶᠠᠯᠢᠭ ᠤᠨ ᠰᠠᠩ ᠤᠨ ᠲᠤᠬᠠᠢ︾ ᠬᠠᠤᠯᠢ ᠶᠢᠨ ᠲᠥᠰᠥᠯ ᠢ ᠢᠷᠡᠭᠡᠳᠦᠢ ᠥᠪ ᠰᠠᠩ᠂ ᠬᠥᠭᠵᠢᠯ ᠦᠨ ᠪᠣᠯᠤᠨ ᠬᠤᠪᠢᠶᠠᠷᠢᠯᠠᠯᠲᠠ ᠶᠢᠨ ᠰᠠᠩ ᠲᠠᠢ ᠪᠠᠶᠢᠬᠤ ᠪᠠᠷ ᠪᠣᠯᠪᠠᠰᠤᠷᠠᠭᠤᠯᠵᠠᠢ᠃ ᠢᠩᠭᠢᠬᠦ ᠳᠦ ᠪᠡᠨ ᠢᠷᠡᠭᠡᠳᠦᠢ ᠥᠪ ᠰᠠᠩ᠂ ᠬᠤᠪᠢᠶᠠᠷᠢᠯᠠᠯᠲᠠ ᠶᠢᠨ ᠰᠠᠩ ᠳᠤ ᠲᠤᠬᠠᠢ ᠶᠢᠨ ᠵᠢᠯ ᠦᠨ ᠨᠡᠶᠢᠲᠡ ᠣᠷᠣᠯᠭ᠎ᠠ ᠠᠴᠠ ᠬᠠᠮᠤᠭ ᠤᠨ ᠪᠠᠭ᠎ᠠ ᠳᠤ ᠪᠠᠨ 10 ᠬᠤᠪᠢ ᠶᠢ ᠨᠢ ᠲᠥᠪᠯᠡᠷᠡᠭᠦᠯᠦᠨ᠎ᠡ᠃ ᠤᠭ ᠰᠠᠩ ᠤᠨ ᠣᠷᠣᠯᠭ᠎ᠠ ᠶᠢ ᠸᠠᠯᠢᠶᠤᠲ ᠬᠡᠯᠪᠡᠷᠢ ᠪᠡᠷ ᠮᠣᠩᠭᠣᠯ ᠪᠠᠩᠭᠢ ᠳᠤ ᠬᠠᠳᠠᠭᠠᠯᠠᠬᠤ ᠵᠣᠬᠢᠴᠠᠭᠤᠯᠤᠯᠲᠠ ᠶᠢ ᠲᠤᠰᠬᠠᠭᠰᠠᠨ᠃ ᠬᠥᠭᠵᠢᠯ ᠦᠨ ᠰᠠᠩ ᠨᠢ ᠤᠯᠤᠰ ᠣᠷᠣᠨ ᠤ ᠨᠡᠶᠢᠭᠡᠮ᠂ ᠡᠳ᠋ ᠦᠨ ᠵᠠᠰᠠᠭ ᠢ ᠳᠡᠮᠵᠢᠬᠦ ᠲᠣᠮᠣᠬᠠᠨ ᠲᠥᠰᠥᠯ ᠬᠥᠲᠥᠯᠪᠦᠷᠢ ᠨᠦᠭᠦᠳ ᠢ ᠬᠡᠷᠡᠭᠵᠢᠭᠦᠯᠬᠦ ᠰᠠᠩᠬᠦᠦᠵᠢᠯᠲᠡ ᠪᠤᠢ ᠪᠣᠯᠭᠠᠨ᠎ᠠ ᠭᠡᠰᠡᠨ ᠵᠠᠷᠴᠢᠮ ᠢ ᠲᠤᠰᠬᠠᠵᠠᠢ᠃ ᠲᠡᠭᠦᠨᠴᠢᠯᠡᠨ ᠦᠨᠳᠦᠰᠦᠨ ᠦ ᠪᠠᠶᠠᠯᠢᠭ ᠤᠨ ᠰᠠᠩ ᠤᠨ ᠪᠣᠳᠣᠯᠭ᠎ᠠ ᠨᠢ ᠲᠥᠰᠥᠪ ᠦᠨ ᠪᠣᠳᠣᠯᠭ᠎ᠠ ᠶᠢᠨ ᠨᠢᠭᠡ ᠪᠦᠷᠢᠯᠳᠦᠬᠦᠨ ᠬᠡᠰᠡᠭ ᠪᠠᠶᠢᠬᠤ ᠪᠥᠭᠡᠳ ᠬᠥᠷᠥᠩᠭᠡ ᠶᠢᠨ ᠤᠳᠤᠷᠢᠳᠤᠯᠭ᠎ᠠ ᠶᠢᠨ ᠡᠴᠦᠰ ᠦᠨ ᠰᠢᠢᠳᠪᠦᠷᠢ ᠶᠢ ᠤᠯᠤᠰ ᠤᠨ ᠶᠡᠬᠡ ᠬᠤᠷᠠᠯ ᠠᠴᠠ ᠪᠠᠲᠤᠯᠠᠨ ᠭᠠᠷᠭᠠᠬᠤ ᠪᠠᠷ ᠲᠥᠰᠥᠯ ᠳᠦ ᠣᠷᠣᠭᠤᠯᠤᠭᠰᠠᠨ ᠪᠠᠶᠢᠨ᠎ᠠ᠃ ᠵᠠᠰᠠᠭ ᠤᠨ ᠭᠠᠵᠠᠷ ᠨᠢ ᠵᠢᠯ ᠪᠦᠷᠢ ᠶᠢᠨ ᠤᠯᠤᠰ ᠤᠨ ᠲᠥᠰᠥᠪ ᠦᠨ ᠲᠥᠰᠥᠯ ᠲᠡᠢ ᠬᠠᠮᠲᠤ ᠦᠨᠳᠦᠰᠦᠨ ᠦ ᠪᠠᠶᠠᠯᠢᠭ ᠤᠨ ᠰᠠᠩ ᠤᠨ ᠲᠥᠰᠥᠪ ᠦᠨ ᠵᠠᠷᠤᠴᠠᠭᠤᠯᠤᠯᠲᠠ ᠶᠢ ᠤᠯᠤᠰ ᠤᠨ ᠶᠡᠬᠡ ᠬᠤᠷᠠᠯ ᠳᠦ ᠡᠷᠭᠦᠨ ᠮᠡᠳᠡᠭᠦᠯᠬᠦ ᠶᠤᠮ ᠪᠠᠶᠢᠨ᠎ᠠ᠃