ᠪᠤᠯᠠᠭᠠᠨ ᠠᠶᠢᠮᠠᠭ ᠤᠨ ᠬᠤᠲᠤᠭ-ᠥᠨᠳᠥᠷ ᠰᠤᠮᠤ ᠶᠢᠨ ᠤᠨᠢᠳᠦ ᠪᠠᠭ ᠤᠨ ᠨᠤᠲᠤᠭ ᠳᠤᠨᠳᠤᠭ ᠤᠨ ᠪᠤᠯᠠᠭ ᠬᠡᠮᠡᠬᠦ ᠭᠠᠵᠠᠷ ᠲᠤ ᠨᠠᠢ᠌ᠮᠠᠳᠤᠭᠠᠷ ᠰᠠᠷ᠎ᠠ ᠶᠢᠨ 12-13 ᠤ ᠡᠳᠦᠷ ᠠᠶᠢᠷᠠᠭ ᠹᠧᠰᠲ᠋ᠢᠸᠠᠯ ᠢ 14 ᠳ᠋ᠡᠬᠢ ᠵᠢᠯ ᠳᠦ ᠪᠡᠨ ᠵᠣᠬᠢᠶᠠᠨ ᠪᠠᠶᠢᠭᠤᠯᠵᠠᠢ᠃
ᠬᠥᠬᠥᠥᠷ ᠦᠨ ᠠᠶᠢᠷᠠᠭ ᠢᠰᠬᠡᠬᠦ ᠤᠯᠠᠮᠵᠢᠯᠠᠯᠲᠤ ᠠᠷᠭ᠎ᠠ ᠲᠧᠭᠨᠣᠯᠣᠭᠢ ᠶᠢ ᠰᠤᠷᠲᠠᠯᠴᠢᠯᠠᠬᠤ᠂ ᠠᠶᠢᠷᠠᠭ ᠳᠠᠭᠠᠭᠰᠠᠨ ᠥᠪ ᠰᠤᠶᠤᠯ ᠢ ᠳᠡᠯᠭᠡᠷᠡᠭᠦᠯᠵᠦ ᠰᠤᠶᠤᠯ ᠤᠨ ᠠᠶᠠᠯᠠᠯ ᠵᠢᠭᠤᠯᠴᠢᠯᠠᠯ ᠢ ᠬᠥᠭᠵᠢᠭᠦᠯᠬᠦ᠂ ᠣᠷᠣᠨ ᠨᠤᠲᠤᠭ ᠤᠨ ᠰᠤᠶᠤᠯ ᠤᠨ ᠪᠦᠲᠦᠭᠡᠯᠴᠢ ᠦᠢᠯᠡᠳᠪᠦᠷᠢᠯᠡᠯ ᠡᠷᠬᠢᠯᠡᠭᠴᠢᠳ ᠦᠨ ᠪᠦᠲᠦᠭᠡᠭᠳᠡᠬᠦᠨ ᠦᠢᠯᠡᠴᠢᠯᠡᠭᠡ ᠶᠢ ᠡᠳ᠋ ᠦᠨ ᠵᠠᠰᠠᠭ ᠤᠨ ᠡᠷᠭᠢᠯᠲᠡ ᠳᠦ ᠤᠷᠤᠭᠤᠯᠬᠤ ᠤᠭ ᠠᠷᠭ᠎ᠠ ᠬᠡᠮᠵᠢᠶᠡᠨ ᠦ ᠨᠢᠭᠡ ᠵᠣᠷᠢᠯᠭ᠎ᠠ ᠪᠠᠢᠪᠠ᠃
ᠹᠧᠰᠲ᠋ᠢᠸᠠᠯ ᠤᠨ ᠦᠶ᠎ᠡ ᠪᠡᠷ ᠳᠡᠮᠪᠡᠭᠡ ᠲᠤᠭᠯᠠᠬᠤ᠂ ᠠᠶᠢᠷᠠᠭ ᠤᠤᠭᠤᠬᠤ᠂ ᠬᠣᠣᠰ ᠮᠣᠷᠢᠲᠠᠨ ᠰᠢᠯᠭᠠᠷᠠᠭᠤᠯᠬᠤ᠂ ᠱᠠᠭ᠎ᠠ ᠬᠠᠷᠪᠤᠬᠤ᠂ ᠡᠮᠨᠢᠭ ᠰᠤᠷᠭᠠᠬᠤ ᠂ ᠰᠢᠯᠢᠳᠡᠭ ᠬᠥᠬᠥᠥᠷ ᠰᠢᠯᠭᠠᠷᠠᠭᠤᠯᠬᠤ ᠲᠡᠮᠡᠴᠡᠭᠡᠨ ᠵᠣᠬᠢᠶᠠᠨ ᠪᠠᠶᠢᠭᠤᠯᠵᠠᠢ᠃