ᠡᠨᠡ ᠵᠢᠯ 35866 ᠵᠢᠷᠭᠤᠭᠠᠨ ᠨᠠᠰᠤᠲᠠᠨ ᠰᠤᠷᠭᠠᠭᠤᠯᠢ ᠳᠤ ᠣᠷᠣᠨ᠎ᠠ | News.MN

ᠡᠨᠡ ᠵᠢᠯ 35866 ᠵᠢᠷᠭᠤᠭᠠᠨ ᠨᠠᠰᠤᠲᠠᠨ ᠰᠤᠷᠭᠠᠭᠤᠯᠢ ᠳᠤ ᠣᠷᠣᠨ᠎ᠠ

ᠥᠩᠭᠡᠷᠡᠭᠰᠡᠨ ᠵᠢᠯ ᠨᠡᠶᠢᠰᠯᠡᠯ ᠦᠨ ᠬᠡᠮᠵᠢᠶᠡᠨ ᠳᠦ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠳᠦ 39313 ᠰᠤᠷᠤᠭᠴᠢ ᠰᠢᠨ᠎ᠡ ᠪᠡᠷ ᠡᠯᠰᠡᠭᠰᠡᠨ ᠪᠠ ᠡᠨᠡ ᠵᠢᠯ 35866 ᠵᠢᠷᠭᠤᠭᠠᠨ ᠨᠠᠰᠤᠲᠠᠨ ᠪᠤᠶᠤ 3400 ᠣᠷᠴᠢᠮ ᠬᠡᠦᠬᠡᠳ ᠢᠶᠡᠷ ᠪᠠᠭᠤᠷᠠᠭᠰᠠᠨ ᠪᠠᠶᠢᠨ᠎ᠠ᠃ ᠭᠡᠬᠦ ᠳᠦ ᠪᠡᠨ ᠶᠡᠷᠦᠩᠬᠡᠢ ᠳ᠋ᠦᠩ ᠢᠶᠡᠷ ᠨᠡᠶᠢᠰᠯᠡᠯ ᠦᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ  ᠨᠤᠭᠤᠳ ᠤᠨ ᠰᠤᠷᠤᠭᠴᠢ ᠶᠢᠨ ᠲᠣᠭ᠎ᠠ 20 ᠭᠠᠷᠤᠢ ᠮᠢᠩᠭ᠎ᠠ ᠪᠠᠷ ᠨᠡᠮᠡᠭᠳᠡᠵᠦ ᠪᠠᠶᠢᠭ᠎ᠠ ᠶᠤᠮ᠃

ᠨᠢᠭᠡᠳᠦᠭᠡᠷ ᠠᠩᠬᠢ ᠶᠢᠨ ᠪᠦᠷᠢᠳᠬᠡᠯ ᠥᠨᠥᠳᠥᠷ ᠡᠴᠡ ᠡᠬᠢᠯᠡᠵᠦ ᠪᠠᠶᠢᠭ᠎ᠠ ᠪᠠ ᠶᠠᠮᠠᠷ ᠨᠢᠭᠡᠨ ᠬᠦᠨᠳᠦᠷᠡᠯ᠂ ᠳ᠋ᠤᠭᠠᠷᠯᠠᠯᠲᠠ ᠦᠭᠡᠢ ᠪᠡᠷ ᠴᠠᠬᠢᠮ ᠢᠶᠠᠷ ᠪᠦᠷᠢᠳᠬᠡᠭᠦᠯᠦᠨ᠎ᠡ᠃ ᠬᠠᠷᠢᠨ ᠢᠷᠭᠡᠳ ᠪᠢᠴᠢᠭ ᠪᠠᠷᠢᠮᠲᠠ᠂ ᠬᠣᠯᠪᠣᠭᠳᠠᠬᠤ ᠵᠦᠢᠯᠡᠰ ᠢᠶᠡᠨ ᠪᠠᠲᠤᠯᠠᠭᠠᠵᠢᠭᠤᠯᠬᠤ ᠶᠣᠰᠣᠲᠠᠢ ᠶᠤᠮ᠃ ᠡᠬᠢᠨ ᠦ ᠡᠭᠡᠯᠵᠢ ᠳᠦ ᠦᠨᠳᠦᠰᠦᠨ ᠣᠷᠣᠰᠢᠨ ᠰᠠᠭᠤᠭᠴᠢᠳ ᠢᠶᠠᠨ ᠪᠦᠷᠢᠳᠬᠡᠭᠡᠳ ᠳᠠᠷᠠᠭ᠎ᠠ ᠨᠢ ᠲᠦᠷ ᠣᠷᠣᠰᠢᠨ ᠰᠠᠭᠤᠭᠴᠢᠳ ᠤᠨ ᠬᠡᠦᠬᠡᠳ ᠦᠳ ᠢ  ᠪᠦᠷᠢᠳᠭᠡᠬᠦ ᠶᠤᠮ᠃

ᠰᠡᠳᠬᠢᠭᠳᠡᠯ ᠦᠯᠡᠳᠡᠭᠡᠬᠦ