ᠠᠪᠤᠷᠭᠤ ᠲᠣᠰᠤᠨ ᠨᠠᠭᠤᠷ ᠢ ᠰᠡᠷᠭᠦᠭᠡᠬᠦ ᠠᠵᠢᠯ 25 ᠬᠤᠪᠢ ᠲᠠᠢ ᠪᠠᠶᠢᠨ᠎ᠠ | News.MN

ᠠᠪᠤᠷᠭᠤ ᠲᠣᠰᠤᠨ ᠨᠠᠭᠤᠷ ᠢ ᠰᠡᠷᠭᠦᠭᠡᠬᠦ ᠠᠵᠢᠯ 25 ᠬᠤᠪᠢ ᠲᠠᠢ ᠪᠠᠶᠢᠨ᠎ᠠ

ᠬᠡᠨᠲᠡᠢ ᠠᠶᠢᠮᠠᠭ ᠤᠨ ᠳᠡᠯᠭᠡᠷᠬᠠᠨ ᠰᠤᠮᠤᠨ ᠳᠤ ᠤᠷᠤᠰᠢᠬᠤ ᠠᠪᠤᠷᠭᠤ ᠲᠣᠰᠤᠨ ᠨᠠᠭᠤᠷ ᠢ ᠰᠡᠷᠭᠦᠭᠡᠬᠦ ᠠᠵᠢᠯ 25 ᠬᠤᠪᠢ ᠲᠠᠢ ᠦᠷᠭᠦᠯᠵᠢᠯᠡᠵᠦ ᠪᠠᠶᠢᠨ᠎ᠠ᠃ ᠡᠨᠡ ᠬᠦᠷᠢᠶᠡᠨ ᠳᠦ ᠪᠣᠰᠤᠭ᠎ᠠ ᠱᠦᠭᠦᠷᠡᠭᠦᠯ ᠦᠨ ᠪᠠᠶᠢᠭᠤᠯᠤᠮᠵᠢ᠂ ᠨᠠᠭᠤᠷ ᠲᠤ ᠴᠢᠳᠬᠤᠬᠤ ᠭᠠᠳᠠᠷᠭᠤ ᠶᠢᠨ ᠤᠰᠤᠨ ᠤ ᠪᠠᠢᠭᠠᠯᠢ ᠶᠢᠨ ᠭᠤᠯᠳᠤᠷᠢᠯ ᠢ ᠰᠡᠷᠭᠦᠭᠡᠬᠦ ᠠᠵᠢᠯ᠂ ᠠᠷᠢᠭᠤᠨ ᠴᠡᠪᠡᠷ ᠦᠨ ᠪᠠᠶᠢᠭᠤᠯᠤᠮᠵᠢ᠂ ᠨᠠᠭᠤᠷ ᠤᠨ ᠬᠠᠰᠢᠶ᠎ᠠ ᠶᠢ ᠰᠡᠷᠭᠦᠭᠡᠨ ᠵᠠᠰᠠᠪᠤᠷᠢᠯᠠᠬᠤ ᠠᠵᠢᠯ ᠪᠣᠯᠤᠨ ᠠᠦ᠋ᠲ᠋ᠣ᠋ ᠮᠠᠰᠢᠨ ᠤ ᠵᠣᠭᠰᠣᠭᠠᠯ᠂ ᠲᠣᠬᠢᠵᠢᠯᠲᠠ ᠶᠢᠨ ᠠᠵᠢᠯ ᠤᠳ ᠬᠢᠭᠳᠡᠵᠦ ᠪᠠᠶᠢᠭ᠎ᠠ ᠶᠤᠮ᠃
2022 ᠣᠨ ᠤ ᠪᠠᠶᠢᠳᠠᠯ ᠢᠶᠠᠷ ᠠᠪᠤᠷᠭᠤ ᠲᠣᠰᠤᠨ ᠨᠠᠭᠤᠷ ᠤᠨ ᠤᠰᠤᠨ ᠮᠠᠨᠳᠤᠯ ᠤᠨ ᠲᠠᠯᠠᠪᠠᠢ 25 ᠬᠤᠪᠢ᠂ ᠤᠰᠤᠨ ᠤ ᠳᠤᠮᠳᠠᠴᠢ ᠭᠦᠨ 50 ᠬᠤᠪᠢ᠂ ᠤᠰᠤᠨ ᠤ ᠡᠵᠡᠯᠡᠬᠦᠨ 60 ᠬᠤᠪᠢ ᠪᠠᠷ ᠪᠠᠭᠠᠰᠴᠠᠢ᠃ ᠡᠶᠢᠮᠦ ᠳᠦ ᠪᠠᠢᠭᠠᠯᠢ ᠶᠢᠨ ᠤᠨᠠᠭᠠᠨ ᠲᠥᠷᠬᠥ ᠶᠢ ᠰᠡᠷᠭᠦᠭᠡᠬᠦ ᠶᠢᠨ ᠲᠤᠯᠠᠳᠠ ᠭᠣᠣᠯ ᠤᠨ ᠡᠬᠢ ᠶᠢ ᠬᠠᠮᠠᠭᠠᠯᠠᠬᠤ᠂ ᠣᠢ ᠶᠢᠨ ᠵᠤᠷᠪᠤᠰ ᠪᠠᠶᠢᠭᠤᠯᠬᠤ ᠵᠡᠷᠭᠡ ᠠᠵᠢᠯ ᠢ ᠬᠢᠬᠦ ᠱᠠᠭᠠᠷᠳᠠᠯᠭ᠎ᠠ ᠲᠠᠢ᠃ ᠨᠠᠭᠤᠷ ᠢ ᠰᠡᠷᠭᠦᠭᠡᠬᠦ ᠠᠵᠢᠯ 2022-2023 ᠣᠨ ᠳᠤ ᠬᠡᠷᠡᠭᠵᠢᠨ᠎ᠡ᠃

ᠰᠡᠳᠬᠢᠭᠳᠡᠯ ᠦᠯᠡᠳᠡᠭᠡᠬᠦ