ᠮᠣᠩᠭᠣᠯ ᠤᠨ ᠭᠠᠵᠠᠷ ᠤᠨ ᠬᠣᠪᠣᠷ ᠡᠯᠧᠮᠧᠨᠲ ᠦᠨ ᠳ᠋ᠢᠫᠯᠣᠮᠠᠲ ᠠᠵᠢᠯᠯᠠᠭ᠎ᠠ | News.MN

ᠮᠣᠩᠭᠣᠯ ᠤᠨ ᠭᠠᠵᠠᠷ ᠤᠨ ᠬᠣᠪᠣᠷ ᠡᠯᠧᠮᠧᠨᠲ ᠦᠨ ᠳ᠋ᠢᠫᠯᠣᠮᠠᠲ ᠠᠵᠢᠯᠯᠠᠭ᠎ᠠ

ᠶᠡᠷᠦᠩᠬᠡᠢ ᠰᠠᠶᠢᠳ ᠯ ∙ ᠤᠶᠤᠡᠡᠷᠳᠡᠨᠢ ᠠᠮᠧᠷᠢᠺᠠ  ᠳᠦ ᠬᠢᠭᠰᠡᠨ ᠠᠶᠢᠯᠴᠢᠯᠠᠯ ᠢᠶᠠᠷ ᠢᠶᠠᠨ ᠭᠠᠵᠠᠷ ᠤᠨ ᠬᠣᠪᠣᠷ ᠡᠯᠧᠮᠧᠨᠲ ᠣᠯᠪᠤᠷᠢᠯᠠᠬᠤ ᠲᠠᠯ᠎ᠠ ᠳᠡᠭᠡᠷ᠎ᠡ ᠲᠡᠳᠡᠨ ᠲᠠᠢ ᠬᠠᠮᠲᠤ ᠶᠢᠨ ᠠᠵᠢᠯᠯᠠᠭ᠎ᠠ ᠪᠠᠨ ᠭᠦᠨᠵᠡᠭᠡᠶᠢᠷᠡᠭᠦᠯᠦᠨ᠎ᠡ ᠬᠡᠮᠡᠨ ᠮᠡᠳᠡᠭᠳᠡᠭᠰᠡᠨ᠃ ᠮᠥᠨ ᠬᠣᠶᠠᠷ ᠤᠯᠤᠰ ᠤᠨ ᠬᠣᠭᠣᠷᠣᠨᠳᠣ ᠰᠢᠭᠤᠳ ᠨᠢᠰᠦᠯᠭᠡ ᠦᠢᠯᠡᠳᠬᠦ ᠪᠣᠯᠤᠮᠵᠢ ᠶᠢ ᠪᠦᠷᠢᠳᠦᠭᠦᠯᠪᠡ᠃ ᠬᠡᠷᠪᠡ ᠭᠠᠵᠠᠷ ᠤᠨ ᠬᠣᠪᠣᠷ ᠡᠯᠧᠮᠧᠨᠲ ᠢ ᠮᠣᠩᠭᠣᠯ ᠠᠴᠠ ᠠᠮᠧᠷᠢᠺᠠ ᠤᠷᠤᠭᠤ ᠲᠡᠭᠡᠭᠡᠪᠦᠷᠢᠯᠡᠵᠦ ᠡᠬᠢᠯᠡᠪᠡᠯ ᠬᠢᠲᠠᠳ᠂ ᠠᠮᠧᠷᠢᠺᠠ ᠶᠢᠨ ᠰᠲᠷᠠᠲ᠋ᠧᠭᠢ ᠶᠢᠨ ᠥᠷᠢᠰᠦᠯᠳᠦᠭᠡᠨ ᠳᠦ ᠶᠠᠮᠠᠷ ᠨᠥᠯᠥᠭᠡ ᠦᠵᠡᠭᠦᠯᠬᠦ ᠪᠤᠢ?
ᠬᠢᠲᠠᠳ᠂ ᠠᠮᠧᠷᠢᠺᠠ ᠶᠢᠨ ᠬᠠᠷᠢᠯᠴᠠᠭ᠎ᠠ ᠬᠦᠢᠲᠡᠨ ᠳᠠᠶᠢᠨ ᠠᠴᠠ ᠬᠣᠶᠢᠰᠢ ᠳᠡᠯᠡᠬᠡᠢ ᠶᠢᠨ ᠬᠠᠮᠤᠭ ᠤᠨ ᠠᠩᠬᠠᠷᠤᠯ ᠲᠠᠲᠠᠬᠤᠶᠢᠴᠠ ᠬᠠᠷᠢᠯᠴᠠᠭ᠎ᠠ ᠪᠠᠶᠢᠭᠰᠠᠭᠠᠷ ᠢᠷᠡᠭᠰᠡᠨ᠃ ᠲᠡᠷᠡ ᠲᠤᠰᠤᠮ ᠢᠶᠠᠨ ᠰᠡᠭᠦᠯ ᠦᠨ ᠦᠶ᠎ᠡ ᠳᠦ ᠬᠣᠶᠠᠷ ᠤᠯᠤᠰ ᠠᠰᠢᠭᠲᠤ ᠮᠠᠯᠲᠠᠮᠠᠯ ᠤᠨ ᠨᠡᠶᠢᠯᠡᠭᠦᠯᠦᠯᠲᠡ ᠶᠢᠨ ᠴᠢᠬᠤᠯᠠ ᠰᠦᠯᠵᠢᠶ᠎ᠡ ᠶᠢ ᠬᠢᠨᠠᠬᠤ ᠶᠢᠨ ᠲᠤᠯᠠᠳᠠ ᠬᠤᠳᠠᠯᠳᠤᠭ᠎ᠠ᠂ ᠲᠧᠭᠨᠣᠯᠣᠭᠢ ᠶᠢ ᠬᠥᠭᠵᠢᠭᠦᠯᠬᠦ ᠭᠡᠵᠦ ᠲᠡᠮᠡᠴᠡᠵᠦ ᠪᠠᠶᠢᠭ᠎ᠠ ᠨᠢ ᠬᠠᠮᠲᠤ ᠶᠢᠨ ᠠᠵᠢᠯᠯᠠᠭᠠᠨ ᠠᠴᠠ ᠢᠯᠡᠭᠦᠦ ᠥᠷᠢᠰᠦᠯᠳᠦᠭᠡᠨ ᠢ ᠤᠯᠠᠮ ᠨᠡᠮᠡᠭᠳᠡᠭᠦᠯᠵᠦ ᠪᠠᠶᠢᠨ᠎ᠠ᠃ ᠭᠡᠬᠦ ᠳᠦ ᠪᠡᠨ ᠠᠰᠢᠭᠲᠤ ᠮᠠᠯᠲᠠᠮᠠᠯ ᠤᠨ ᠨᠡᠶᠢᠯᠡᠭᠦᠯᠦᠯᠲᠡ ᠢᠯᠡᠭᠦᠦ ᠬᠥᠭᠵᠢᠵᠦ᠂ ᠴᠣᠭᠴᠠ ᠪᠣᠯᠬᠤ ᠲᠤᠰᠤᠮ ᠭᠠᠳᠠᠭᠠᠳᠤ ᠶᠢᠨ ᠰᠥᠷᠭᠦ ᠨᠥᠯᠥᠭᠡ ᠤᠯᠠᠮ ᠶᠡᠬᠡᠰᠳᠡᠭ᠃ ᠡᠭᠦᠨ ᠳᠦ ᠪᠠᠢᠭᠠᠯᠢ ᠶᠢᠨ ᠭᠠᠮᠰᠢᠭ᠂ ᠴᠠᠷ᠎ᠠ ᠲᠠᠬᠤᠯ᠂ ᠲᠥᠯᠥᠪᠯᠡᠭᠳᠡᠭᠡ ᠦᠭᠡᠢ ᠭᠧᠣᠫᠣᠯᠢᠲ᠋ᠢᠺ ᠤᠨ ᠬᠥᠳᠡᠯᠭᠡᠭᠡᠨ ᠵᠡᠷᠭᠡ ᠪᠠᠭᠲᠠᠨ᠎ᠠ᠃ ᠠᠮᠧᠷᠢᠺᠠ᠂ ᠬᠢᠲᠠᠳ ᠤᠨ ᠲᠧᠭᠨᠣᠯᠣᠭᠢ ᠶᠢᠨ ᠳᠠᠶᠢᠨ᠂ ᠣᠷᠣᠰ᠂ ᠦᠺᠷᠠᠶᠢᠨ ᠤ ᠳᠠᠶᠢᠨ ᠤ ᠳᠠᠷᠠᠭ᠎ᠠ ᠣᠷᠣᠰ ᠲᠤ ᠲᠠᠯᠪᠢᠭᠰᠠᠨ ᠡᠳ᠋  ᠦᠨ ᠵᠠᠰᠠᠭ ᠤᠨ ᠬᠣᠷᠢᠭ ᠵᠡᠷᠭᠡ ᠨᠢ ᠠᠰᠢᠭᠲᠤ ᠮᠠᠯᠲᠠᠮᠠᠯ ᠤᠨ ᠨᠡᠢᠯᠡᠭᠦᠯᠦᠯᠲᠡ ᠪᠠᠭᠠᠰᠤᠭᠰᠠᠨ ᠢ ᠬᠠᠷᠠᠭᠤᠯᠤᠯ᠎ᠠ᠃
ᠣᠷᠴᠢᠨ ᠦᠶ᠎ᠡ ᠶᠢᠨ ᠲᠧᠭᠨᠣᠯᠣᠭᠢ ᠶᠢᠨ ᠬᠥᠭᠵᠢᠯ ᠳᠦ ᠭᠠᠵᠠᠷ ᠤᠨ ᠬᠣᠪᠣᠷ ᠡᠯᠧᠮᠧᠨᠲ ᠴᠢᠬᠤᠯᠠ ᠨᠥᠯᠥᠭᠡ ᠦᠵᠡᠭᠦᠯᠵᠦ ᠪᠠᠶᠢᠨ᠎ᠠ᠃ ᠲᠡᠷᠡ ᠲᠤᠰᠤᠮ ᠢᠶᠠᠨ ᠰᠡᠷᠭᠦᠭᠡᠭᠳᠡᠬᠦ ᠡᠷᠴᠢᠮ ᠬᠦᠴᠦᠨ ᠦ ᠬᠤᠷᠳᠤ ᠲᠠᠢ ᠬᠥᠭᠵᠢᠯ ᠳᠦ᠃ ᠬᠢᠲᠠᠳ ᠤᠯᠤᠰ ᠭᠠᠵᠠᠷ ᠤᠨ ᠬᠣᠪᠣᠷ 17 ᠡᠯᠧᠮᠧᠨᠲ ᠡᠴᠡ ᠬᠠᠮᠤᠭ ᠤᠨ ᠶᠡᠬᠡ ᠬᠡᠮᠵᠢᠶᠡᠨ ᠦ ᠪᠠᠢᠭᠠᠯᠢ ᠶᠢᠨ ᠨᠥᠭᠡᠴᠡ ᠲᠡᠢ ᠪᠥᠭᠡᠳ ᠲᠡᠳᠡᠭᠡᠷ ᠢ ᠴᠡᠪᠡᠷᠰᠢᠭᠦᠯᠬᠦ᠂ ᠢᠯᠭᠠᠬᠤ ᠴᠢᠳᠠᠪᠤᠷᠢ ᠶᠢ ᠬᠥᠭᠵᠢᠭᠦᠯᠵᠦ ᠴᠢᠳᠠᠭᠰᠠᠨ᠃
ᠡᠨᠡ ᠣᠨ ᠤ ᠡᠬᠢᠨ ᠦ ᠬᠠᠭᠠᠰ ᠲᠤ ᠬᠢᠲᠠᠳ ᠤᠯᠤᠰ 91 ᠮᠢᠩᠭ᠎ᠠ ᠣᠷᠴᠢᠮ ᠲᠣᠨ ᠭᠠᠵᠠᠷ ᠤᠨ ᠬᠣᠪᠣᠷ ᠡᠯᠧᠮᠧᠨᠲ ᠦᠨ ᠬᠥᠳᠡᠷ᠂ ᠮᠧᠲ᠋ᠠᠯ ᠤᠨ ᠶᠡᠬᠡᠬᠡᠨ ᠬᠤᠪᠢ ᠶᠢ ᠠᠮᠧᠷᠢᠺᠠ ᠠᠴᠠ ᠢᠮᠫᠣᠷᠲᠯᠠᠵᠤ᠂ 26 ᠮᠢᠩᠭᠠᠨ ᠲᠣᠨ ᠴᠡᠪᠡᠷᠰᠢᠭᠦᠯᠦᠭᠰᠡᠨ ᠭᠠᠵᠠᠷ ᠤᠨ ᠬᠣᠪᠣᠷ ᠡᠯᠧᠮᠧᠨᠲ᠂ ᠲᠡᠷᠡ ᠳᠤᠮᠳᠠ ᠪᠠᠨ ᠰᠣᠷᠢᠨᠵᠢᠨ ᠮᠠᠲ᠋ᠧᠷᠢᠶᠠᠯ ᠡᠺᠰᠫᠣᠷᠲᠯᠠᠵᠠᠢ᠃
ᠮᠣᠩᠭᠣᠯ ᠲᠡᠷᠢᠭᠦᠲᠡᠢ ᠣᠯᠠᠨ ᠣᠷᠣᠨ ᠠᠰᠢᠭᠲᠤ ᠮᠠᠯᠲᠠᠮᠠᠯ ᠤᠨ ᠨᠡᠶᠢᠯᠡᠭᠦᠯᠦᠯᠲᠡ ᠶᠢᠨ ᠰᠦᠯᠵᠢᠶᠡᠨ ᠳ᠋ᠡᠬᠢ ᠬᠢᠲᠠᠳ ᠤᠨ ᠨᠣᠶᠠᠷᠬᠠᠯ ᠢ ᠪᠠᠭᠤᠷᠠᠭᠤᠯᠬᠤ ᠪᠠᠷ ᠵᠢᠳᠬᠦᠵᠦ ᠡᠬᠢᠯᠡᠯ᠎ᠡ᠃ ᠤᠯᠠᠮ ᠢᠶᠠᠷ ᠬᠢᠲᠠᠳ ᠤᠯᠤᠰ ᠬᠠᠷᠢᠯᠴᠠᠨ ᠠᠷᠭ᠎ᠠ ᠬᠡᠮᠵᠢᠶ᠎ᠡ ᠠᠪᠬᠤ ᠳᠤ ᠬᠦᠷᠪᠡ᠃ ᠲᠤᠬᠠᠶᠢᠯᠠᠪᠠᠯ ᠪᠡᠭᠡᠵᠢᠩ ᠰᠲᠷᠠᠲ᠋ᠧᠭᠢ ᠶᠢᠨ ᠠᠴᠢ ᠬᠣᠯᠪᠣᠭᠳᠠᠯ ᠪᠦᠬᠦᠢ ᠬᠡᠳᠦ ᠬᠡᠳᠦᠨ ᠪᠦᠲᠦᠭᠡᠭᠳᠡᠬᠦᠨ᠂ ᠲᠡᠷᠡ ᠳᠤᠮᠳᠠ ᠪᠠᠨ ᠴᠡᠷᠢᠭ ᠵᠡᠪᠰᠡᠭ ᠦᠨ ᠦᠢᠯᠡᠳᠪᠦᠷᠢᠯᠡᠯ ᠳᠦ ᠴᠢᠬᠤᠯᠠ ᠠᠴᠢ ᠬᠣᠯᠪᠣᠭᠳᠠᠯ ᠲᠠᠢ ᠬᠣᠶᠠᠷ ᠬᠣᠪᠣᠷ ᠮᠧᠲ᠋ᠠᠯ ᠪᠣᠯᠬᠤ ᠭᠠᠯᠯᠢ︵Ga︶᠂ ᠭᠧᠷᠮᠠᠨᠢ︵Ge︶ ᠶᠢᠨ ᠡᠺᠰᠫᠣᠷᠲ ᠢ ᠵᠤᠭᠰᠤᠭᠠᠪᠠ᠃
ᠡᠭᠦᠨ ᠦ ᠬᠠᠷᠢᠭᠤ ᠳᠤ ᠠᠮᠧᠷᠢᠺᠠ ᠶᠢᠨ ᠨᠢᠭᠡᠳᠦᠭᠰᠡᠨ ᠤᠯᠤᠰ ᠤᠨ ᠫᠧᠨ᠋ᠲ᠋ᠠᠭᠤᠨ ᠬᠠᠶᠠᠭᠳᠠᠯ ᠠᠴᠠ ᠬᠣᠪᠣᠷ ᠮᠧᠲ᠋ᠠᠯ ᠢ ᠳᠠᠪᠲᠠᠨ ᠪᠣᠯᠪᠠᠰᠤᠷᠠᠭᠤᠯᠵᠤ᠂ ᠭᠠᠯᠯᠢ᠂ ᠭᠧᠷᠮᠠᠨᠢ ᠠᠯᠢ ᠠᠯᠢᠨ ᠢ ᠨᠢ ᠴᠡᠪᠡᠷᠰᠢᠭᠦᠯᠬᠦ ᠴᠢᠭᠯᠡᠯ ᠢᠶᠡᠷ ᠠᠮᠧᠷᠢᠺᠠ᠂ ᠺᠠᠨᠠᠳᠠ ᠶᠢᠨ ᠺᠣᠮᠫᠠᠨᠢ ᠨᠤᠭᠤᠳ ᠲᠠᠢ ᠬᠠᠮᠲᠤᠷᠠᠨ ᠠᠵᠢᠯᠯᠠᠬᠤ ᠲᠠᠯ᠎ᠠ ᠪᠠᠷ ᠰᠤᠳᠤᠯᠵᠤ ᠪᠠᠶᠢᠨ᠎ᠠ᠃ ᠮᠥᠨ ᠬᠢᠲᠠᠳ ᠤᠨ ᠵᠠᠷᠢᠮ ᠲᠧᠭᠨᠣᠯᠣᠭᠢ ᠶᠢᠨ ᠰᠠᠯᠪᠤᠷᠢ ᠳᠤ ᠬᠥᠷᠥᠩᠭᠡ ᠣᠷᠣᠭᠤᠯᠬᠤ ᠶᠢ ᠬᠤᠷᠢᠭᠯᠠᠬᠤ ᠰᠢᠢᠳᠪᠦᠷᠢ ᠭᠠᠷᠭᠠᠭᠰᠠᠨ ᠶᠤᠮ᠃
ᠮᠣᠩᠭᠣᠯ᠂ ᠠᠮᠧᠷᠢᠺᠠ ᠶᠢᠨ ᠨᠢᠭᠡᠳᠦᠭᠰᠡᠨ ᠤᠯᠤᠰ ᠭᠠᠵᠠᠷ ᠤᠨ ᠬᠣᠪᠣᠷ ᠡᠯᠧᠮᠧᠨᠲ ᠦᠨ ᠲᠠᠯ᠎ᠠ ᠳᠡᠭᠡᠷ᠎ᠡ ᠬᠠᠮᠲᠤ ᠶᠢᠨ ᠠᠵᠢᠯᠯᠠᠭ᠎ᠠ ᠪᠠᠨ ᠭᠦᠨᠵᠡᠭᠡᠶᠢᠷᠡᠭᠦᠯᠬᠦ ᠨᠢ ᠠᠯᠢ ᠠᠯᠢᠨ ᠳᠤ ᠨᠢ ᠠᠰᠢᠭ ᠲᠠᠢ ᠰᠢᠢᠳᠦᠯ ᠪᠠᠶᠢᠬᠤ ᠪᠣᠯᠤᠨ᠎ᠠ᠃ ᠠᠮᠧᠷᠢᠺᠠ ᠳᠦ ᠡᠨᠡ ᠬᠠᠮᠲᠤ ᠶᠢᠨ ᠠᠵᠢᠯᠯᠠᠭ᠎ᠠ ᠨᠢ ᠭᠠᠵᠠᠷ ᠤᠨ ᠬᠣᠪᠣᠷ ᠡᠯᠧᠮᠧᠨᠲ ᠦᠨ ᠡᠬᠢ ᠡᠭᠦᠰᠪᠦᠷᠢ ᠶᠢ ᠲᠥᠷᠦᠯᠵᠢᠭᠦᠯᠬᠦ ᠳᠦ ᠲᠤᠰᠠᠲᠠᠢ᠃ ᠬᠠᠷᠢᠨ ᠮᠣᠩᠭᠣᠯ ᠤᠯᠤᠰ ᠳ᠋ᠢᠫᠯᠣᠮᠠᠲ ᠬᠠᠷᠢᠯᠴᠠᠭ᠎ᠠ ᠪᠠᠨ ᠥᠷᠭᠡᠵᠢᠭᠦᠯᠵᠦ᠂ ᠠᠮᠧᠷᠢᠺᠠ ᠶᠢᠨ ᠬᠥᠷᠥᠩᠭᠡ ᠣᠷᠣᠭᠤᠯᠤᠯᠲᠠ ᠠᠴᠠ ᠠᠰᠢᠭ ᠬᠦᠷᠲᠡᠭᠰᠡᠨ ᠢᠶᠡᠷ ᠡᠳ᠋ ᠦᠨ ᠵᠠᠰᠠᠭ ᠤᠨ ᠥᠰᠦᠯᠲᠡ ᠳᠦ ᠨᠢ ᠲᠦᠯᠬᠢᠴᠡ ᠪᠣᠯᠬᠤ ᠶᠤᠮ᠃ ᠭᠡᠬᠦ ᠳᠦ ᠪᠡᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠳᠦ ᠬᠡᠳᠦ ᠬᠡᠳᠦᠨ ᠬᠦᠴᠦᠨ ᠵᠦᠢᠯ ᠰᠦᠷᠭᠦ ᠪᠡᠷ ᠨᠥᠯᠦᠭᠡᠯᠡᠵᠦ ᠪᠠᠶᠢᠨ᠎ᠠ᠃ ᠲᠤᠬᠠᠶᠢᠯᠠᠪᠠᠯ᠂ 1-70 ᠬᠤᠪᠢ ᠶᠢᠨ ᠢᠰᠦᠯ ᠦᠨ ᠠᠭᠤᠯᠤᠮᠵᠢ ᠲᠠᠢ ᠭᠠᠵᠠᠷ ᠤᠨ ᠬᠣᠪᠣᠷ ᠡᠯᠧᠮᠧᠨᠲ ᠢ ᠣᠯᠪᠤᠷᠢᠯᠠᠬᠤ ᠡᠳ᠋ ᠤᠨ ᠵᠠᠰᠠᠭ ᠤᠨ ᠦᠷ᠎ᠡ ᠠᠰᠢᠭ ᠨᠢ ᠪᠠᠲᠤᠯᠠᠭ᠎ᠠ ᠲᠠᠢ ᠪᠢᠰᠢ ᠶᠤᠮ᠃ ᠥᠭᠡᠷ᠎ᠡ ᠪᠡᠷ ᠬᠡᠯᠡᠪᠡᠯ ᠮᠣᠩᠭᠣᠯ ᠤᠨ ᠭᠠᠵᠠᠷ ᠤᠨ ᠬᠣᠪᠣᠷ ᠡᠯᠧᠮᠧᠨᠲ ᠦᠨ ᠨᠥᠭᠡᠴᠡ ᠶᠢᠨ ᠴᠢᠨᠠᠷ᠂ ᠣᠯᠪᠤᠷᠢᠯᠠᠯᠲᠠ᠂ ᠪᠣᠯᠪᠠᠰᠤᠷᠠᠭᠤᠯᠤᠯᠲᠠ ᠳᠤ ᠱᠠᠭᠠᠷᠳᠠᠭᠳᠠᠬᠤ ᠬᠥᠷᠥᠩᠭᠡ ᠣᠷᠣᠭᠤᠯᠤᠯᠲᠠ ᠶᠢᠨ ᠠᠰᠠᠭᠤᠳᠠᠯ ᠪᠤᠢ᠃

ᠮᠣᠩᠭᠣᠯ ᠤᠯᠤᠰ ᠪᠠᠶᠢᠭᠠᠯᠢ ᠤᠷᠴᠢᠨ ᠳᠤ ᠶᠡᠬᠡᠬᠡᠨ ᠬᠣᠬᠢᠷᠠᠯ ᠤᠴᠠᠷᠠᠭᠤᠯᠳᠠᠭ ᠬᠣᠪᠣᠷ ᠡᠯᠧᠮᠧᠨᠲ ᠦᠨ ᠣᠯᠪᠤᠷᠢᠯᠠᠯᠲᠠ ᠶᠢᠨ ᠲᠠᠯ᠎ᠠ ᠳᠡᠭᠡᠷ᠎ᠡ ᠳᠣᠲᠣᠭᠠᠳᠤ ᠶᠢᠨ ᠡᠰᠡᠷᠭᠦᠴᠡᠯ ᠲᠡᠢ ᠲᠤᠯᠭᠠᠷᠠᠵᠤ ᠮᠠᠭᠠᠳ ᠦᠭᠡᠢ ᠶᠤᠮ᠃ ᠮᠥᠨ ᠬᠦᠨᠳᠦ ᠮᠠᠰᠢᠨ ᠮᠧᠬᠠᠨᠢᠰᠮ ᠢ ᠲᠡᠭᠡᠭᠡᠪᠦᠷᠢᠯᠡᠬᠦ ᠬᠠᠩᠭᠠᠯᠲᠠᠲᠠᠢ ᠵᠠᠮ᠂ ᠨᠠᠶᠢᠳᠠᠪᠤᠷᠢᠲᠠᠢ ᠴᠠᠬᠢᠯᠭᠠᠨ ᠡᠷᠴᠢᠮ ᠬᠦᠴᠦ ᠵᠡᠷᠭᠡ ᠴᠢᠬᠤᠯᠠ ᠳᠡᠳ᠋ ᠪᠦᠲᠦᠴᠡ ᠮᠣᠩᠭᠣᠯ ᠳᠤ ᠪᠠᠶᠢᠬᠤ ᠦᠭᠡᠢ᠃
ᠬᠡᠳᠦᠢ ᠪᠡᠷ ᠮᠣᠩᠭᠣᠯ᠂ ᠠᠮᠧᠷᠢᠺᠠ ᠶᠢᠨ ᠬᠠᠮᠲᠤ ᠶᠢᠨ ᠠᠵᠢᠯᠯᠠᠭ᠎ᠠ ᠬᠢᠲᠠᠳ ᠲᠤ ᠭᠧᠣᠫᠣᠯᠢᠲ᠋ᠢᠺ ᠤᠨ ᠰᠥᠷᠭᠦ ᠦᠷ᠎ᠡ ᠳᠠᠭᠠᠪᠤᠷᠢ ᠲᠠᠢ ᠴᠤ ᠡᠨᠡ ᠨᠢ ᠮᠣᠩᠭᠣᠯ᠂ ᠬᠢᠲᠠᠳ ᠤᠨ ᠬᠠᠷᠢᠯᠴᠠᠭ᠎ᠠ ᠶᠢ ᠮᠠᠭᠤᠳᠬᠠᠬᠤ ᠡᠷᠡᠰᠳᠡᠯ ᠲᠡᠢ ᠶᠤᠮ᠃

ᠰᠡᠳᠬᠢᠭᠳᠡᠯ ᠦᠯᠡᠳᠡᠭᠡᠬᠦ