ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠭ ∙ᠠᠮᠤᠷᠲᠦ᠋ᠪᠰᠢᠨ ᠪᠦᠭᠦᠳᠡ ᠨᠠᠶᠢᠷᠠᠮᠳᠠᠬᠤ ᠹᠢᠯᠢᠫᠢᠨ ᠤᠯᠤᠰ ᠠᠴᠠ ᠮᠣᠩᠭᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠶᠢᠳ ᠾᠠᠢᠮᠧ ᠹᠯᠣᠷᠺᠷᠦᠽ ᠢ 8 ᠳ᠋ᠤᠭᠠᠷ ᠰᠠᠷ᠎ᠠ ᠶᠢᠨ 18 ᠳᠤ ᠬᠦᠯᠢᠶᠡᠨ ᠠᠪᠴᠤ ᠠᠭᠤᠯᠵᠠᠵᠤ᠂ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠡᠷᠭᠦᠨ ᠪᠠᠷᠢᠬᠤ ᠢᠲᠡᠭᠡᠮᠵᠢᠯᠡᠬᠦ ᠵᠢᠭᠤᠬᠤ ᠪᠢᠴᠢᠭ ᠦᠨ ᠬᠠᠭᠤᠯᠪᠤᠷᠢ ᠶᠢ ᠨᠢ ᠬᠦᠯᠢᠶᠡᠨ ᠠᠪᠤᠪᠠ᠃
ᠠᠭᠤᠯᠵᠠᠯᠲᠠ ᠶᠢᠨ ᠦᠶ᠎ᠡ ᠪᠡᠷ ᠭ ∙ᠠᠮᠤᠷᠲᠦ᠋ᠪᠰᠢᠨ ᠮᠣᠩᠭᠣᠯ ᠤᠯᠤᠰ ᠤᠨ ᠭᠠᠳᠠᠭᠠᠳᠤ ᠪᠣᠳᠣᠯᠭ᠎ᠠ ᠳᠤ ᠠᠽᠢᠶ᠎ᠠ-ᠨᠣᠮᠣᠬᠠᠨ ᠳᠠᠯᠠᠢ ᠶᠢᠨ ᠪᠥᠰᠡ ᠨᠤᠲᠤᠭ ᠤᠨ ᠣᠷᠣᠨ ᠨᠤᠭᠤᠳ ᠲᠠᠢ ᠬᠥᠭᠵᠢᠭᠦᠯᠵᠦ ᠪᠤᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠴᠢᠬᠤᠯᠠ ᠪᠠᠶᠢᠷᠢ ᠰᠠᠭᠤᠷᠢ ᠡᠵᠡᠯᠡᠳᠡᠭ ᠢ ᠣᠨᠴᠠᠯᠠᠨ ᠲᠡᠮᠳᠡᠭᠯᠡᠵᠦ᠂ ᠹᠢᠯᠢᠫᠢᠨ ᠤᠯᠤᠰ ᠢ ᠨᠣᠮᠣᠬᠠᠨ ᠳᠠᠯᠠᠢ ᠶᠢᠨ ᠴᠢᠬᠤᠯᠠ ᠲᠦᠩᠰᠢ ᠬᠡᠮᠡᠨ ᠦᠵᠡᠵᠦ᠂ ᠬᠤᠳᠠᠯᠳᠤᠭ᠎ᠠ᠂ ᠡᠳ᠋ ᠦᠨ ᠵᠠᠰᠠᠭ᠂ ᠪᠣᠯᠪᠠᠰᠤᠷᠠᠯ ᠪᠣᠯᠤᠨ ᠪᠤᠰᠤᠳ ᠰᠠᠯᠪᠤᠷᠢ ᠶᠢᠨ ᠬᠦᠷᠢᠶᠡᠨ ᠳᠦ ᠬᠠᠷᠢᠯᠴᠠᠨ ᠠᠰᠢᠭ ᠲᠠᠢ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠶᠢᠨ ᠲᠥᠯᠥᠭᠡ ᠪᠠᠶᠢᠭ᠎ᠠ ᠪᠠᠨ ᠨᠣᠲᠠᠯᠠᠪᠠ᠃