ᠮᠣᠩᠭᠣᠯ ᠨᠡᠭᠦᠳᠡᠯ ᠦᠨ ᠵᠠᠩ ᠦᠢᠯᠡ ᠪᠡᠨ UNESCO᠍ ᠳᠦ ᠪᠦᠷᠢᠳᠬᠡᠭᠦᠯᠦᠨ᠎ᠡ | News.MN

ᠮᠣᠩᠭᠣᠯ ᠨᠡᠭᠦᠳᠡᠯ ᠦᠨ ᠵᠠᠩ ᠦᠢᠯᠡ ᠪᠡᠨ UNESCO᠍ ᠳᠦ ᠪᠦᠷᠢᠳᠬᠡᠭᠦᠯᠦᠨ᠎ᠡ

︽ᠨᠡᠭᠦᠳᠡᠯᠴᠢᠨ》ᠳᠡᠯᠡᠬᠡᠢ ᠶᠢᠨ ᠰᠤᠶᠤᠯ ᠤᠨ ᠹᠧᠰᠲ᠋ᠢᠸᠠᠯ  ᠢ ᠨᠠᠢ᠌ᠮᠠᠳᠤᠭᠠᠷ ᠰᠠᠷ᠎ᠠ ᠶᠢᠨ 18᠂ 19᠂ 20  ᠤ ᠡᠳᠦᠷ ᠦᠳ ᠲᠦ ᠨᠠᠯᠠᠶᠢᠬᠤ ᠳᠡᠭᠦᠷᠭᠡ ᠶᠢᠨ ᠲᠠᠶᠢᠵᠢ ᠬᠠᠶᠢᠷᠬᠠᠨ ᠤ ᠪᠡᠯ ᠳᠦ ᠰᠤᠶᠤᠯ ᠤᠨ ᠪᠡᠶᠡᠲᠦ ᠪᠤᠰᠤ ᠥᠪ ᠦᠨ ᠳᠣᠯᠣᠭᠠᠨ ᠠᠢ ᠰᠠᠪᠠ ᠶᠢᠨ 362 ᠲᠥᠷᠥᠯ ᠵᠦᠢᠯ ᠦᠨ ᠬᠦᠷᠢᠶᠡᠨ ᠳᠦ 30 ᠭᠠᠷᠤᠢ ᠬᠥᠲᠥᠯᠪᠦᠷᠢ ᠶᠢᠨ ᠳᠠᠭᠠᠤ ᠵᠣᠬᠢᠶᠠᠨ ᠪᠠᠶᠢᠭᠤᠯᠵᠤ᠂ ᠨᠡᠭᠦᠳᠡᠯ ᠦᠨ ᠰᠤᠶᠤᠯ ᠢᠷᠭᠡᠨᠰᠢᠯ ᠪᠦᠬᠦᠢ 10 ᠭᠠᠷᠤᠢ ᠤᠯᠤᠰ ᠤᠨ ᠲᠥᠯᠥᠭᠡᠯᠡᠯ ᠣᠷᠣᠯᠴᠠᠵᠤ ᠨᠡᠶᠢᠲᠡ ᠳᠦ ᠪᠡᠨ 1100 ᠭᠠᠷᠤᠢ ᠨᠡᠭᠦᠳᠡᠯᠴᠢᠳ ᠬᠤᠷᠠᠨ  ᠴᠢᠭᠤᠯᠵᠠᠢ ᠃
ᠳᠡᠯᠡᠬᠡᠢ ᠳᠡᠭᠡᠷ᠎ᠡ ᠨᠡᠭᠦᠳᠡᠯ ᠦᠨ ᠪᠣᠯᠤᠨ ᠰᠠᠭᠤᠷᠢᠨ ᠬᠡᠮᠡᠬᠦ ᠰᠤᠶᠤᠯ ᠢᠷᠭᠡᠨᠰᠢᠯ ᠦᠨ ᠬᠣᠶᠠᠷ ᠦᠨᠳᠦᠰᠦᠨ ᠲᠥᠷᠥᠯ ᠪᠤᠢ ᠬᠡᠳᠦᠢ ᠴᠤ ᠣᠯᠠᠨ ᠮᠢᠩᠭᠠᠨ ᠵᠢᠯ ᠦᠨ ᠲᠡᠦᠬᠡ ᠶᠢᠨ ᠣᠨ ᠴᠠᠭ ᠤᠨ ᠡᠷᠬᠡ ᠪᠡᠷ ᠨᠡᠭᠦᠳᠡᠯᠴᠢᠳ ᠦᠨ ᠠᠬᠤᠢ ᠠᠮᠢᠳᠤᠷᠠᠯ᠂ ᠥᠪ ᠰᠤᠶᠤᠯ᠂ ᠶᠣᠰᠣ ᠵᠠᠩᠰᠢᠯ ᠬᠤᠪᠢᠷᠠᠨ ᠥᠭᠡᠷᠡᠴᠢᠯᠡᠭᠳᠡᠵᠦ᠂ ᠳᠡᠯᠡᠬᠡᠢ ᠳᠡᠭᠡᠷ᠎ᠡ ᠨᠡᠭᠦᠳᠡᠯ ᠦᠨ ᠰᠤᠶᠤᠯ ᠤᠨ ᠤᠯᠠ ᠮᠥᠷ ᠤᠯᠠᠮ ᠪᠦᠷ ᠪᠦᠳᠡᠭᠢᠷᠡᠵᠦ ᠪᠠᠶᠢᠨ᠎ᠠ᠃
ᠲᠡᠶᠢᠮᠦ ᠴᠤ ᠤᠴᠢᠷ ᠠᠴᠠ ᠬᠦᠮᠦᠨ᠂ ᠮᠠᠯ᠂ ᠪᠠᠢᠭᠠᠯᠢ ᠶᠢᠨ ᠬᠠᠷᠢᠯᠴᠠᠨ ᠰᠢᠲᠦᠯᠴᠡᠭᠡᠨ ᠳᠡᠭᠡᠷ᠎ᠡ ᠪᠤᠢ ᠪᠣᠯᠤᠭᠰᠠᠨ ᠮᠣᠩᠭᠣᠯᠴᠤᠳ ᠤᠨ ᠤᠯᠠᠮᠵᠢᠯᠠᠯᠲᠤ ᠠᠵᠤ ᠲᠥᠷᠥᠬᠦ ᠠᠷᠭ᠎ᠠ ᠤᠬᠠᠭᠠᠨ ᠤ ᠨᠢᠭᠡ 《ᠮᠣᠩᠭᠣᠯ ᠨᠡᠭᠦᠳᠡᠯ ᠦᠨ ᠵᠠᠩ ᠦᠢᠯᠡ》  ᠪᠡᠨ UNESCO  ᠦᠨ 《ᠰᠤᠶᠤᠯ ᠤᠨ ᠪᠡᠶᠡᠲᠦ ᠪᠤᠰᠤ ᠥᠪ ᠦᠨ ᠺᠣᠨᠸᠧᠨᠼ》 ᠲᠤ ᠪᠥᠷᠢᠳᠬᠡᠭᠦᠯᠬᠦ ᠪᠡᠷ ᠢᠯᠡᠭᠡᠭᠰᠡᠨ ᠲᠠᠯ᠎ᠠ ᠪᠠᠷ ᠰᠤᠶᠤᠯ ᠤᠨ ᠰᠠᠶᠢᠳ ᠣᠨᠴᠠᠯᠠᠨ ᠬᠡᠯᠡᠭᠰᠡᠨ ᠶᠤᠮ᠃

ᠰᠡᠳᠬᠢᠭᠳᠡᠯ ᠦᠯᠡᠳᠡᠭᠡᠬᠦ