ᠨᠢᠺᠣᠯᠠᠢ ᠺᠷᠠᠳᠢᠨ᠄ ᠮᠣᠩᠭᠣᠯᠴᠢ ᠡᠷᠳᠡᠮᠲᠡᠳ ᠦᠨ ᠬᠠᠮᠤᠭ ᠤᠨ ᠰᠠᠶᠢᠨ ᠬᠤᠷᠠᠯ ᠪᠣᠯᠤᠯ᠎ᠠ | News.MN

ᠨᠢᠺᠣᠯᠠᠢ ᠺᠷᠠᠳᠢᠨ᠄ ᠮᠣᠩᠭᠣᠯᠴᠢ ᠡᠷᠳᠡᠮᠲᠡᠳ ᠦᠨ ᠬᠠᠮᠤᠭ ᠤᠨ ᠰᠠᠶᠢᠨ ᠬᠤᠷᠠᠯ ᠪᠣᠯᠤᠯ᠎ᠠ

ᠤᠯᠠᠭᠠᠨᠪᠠᠭᠠᠲᠤᠷ ᠬᠤᠲᠠᠨ᠎ᠠ ᠨᠠᠢ᠌ᠮᠠᠳᠤᠭᠠᠷ ᠰᠠᠷ᠎ᠠ ᠶᠢᠨ 9-14  ᠳᠦ ᠣᠯᠠᠨ ᠤᠯᠤᠰ ᠤᠨ ᠮᠣᠩᠭᠣᠯᠴᠢ ᠡᠷᠳᠡᠮᠲᠡᠳ ᠦᠨ ᠠᠷᠪᠠᠨ ᠬᠤᠶᠠᠳᠤᠭᠠᠷ ᠶᠡᠬᠡ ᠬᠤᠷᠠᠯ ᠪᠣᠯᠵᠤ᠂ ᠳᠡᠯᠡᠬᠡᠢ ᠶᠢᠨ 20 ᠭᠠᠷᠤᠢ ᠣᠷᠣᠨ ᠠᠴᠠ 300 ᠭᠠᠷᠤᠢ ᠡᠷᠳᠡᠮᠲᠡᠨ ᠣᠷᠣᠯᠴᠠᠯ᠎ᠠ᠃ ᠶᠡᠬᠡ ᠬᠤᠷᠠᠯ ᠤᠨ  ᠬᠦᠨᠳᠦᠲᠦ ᠵᠣᠴᠢᠨ ᠤ ᠨᠢᠭᠡ ᠪᠣᠯ ᠣᠷᠣᠰ ᠤᠨ ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠭᠡᠰᠢᠭᠦᠨ᠂ ᠠᠯᠤᠰ ᠳᠣᠷᠣᠨᠠᠲᠤ ᠶᠢᠨ ᠲᠡᠦᠬᠡ᠂ ᠠᠷᠬᠧᠣᠯᠣᠭᠢ᠂ ᠤᠭᠰᠠᠭᠠᠲᠠᠨ ᠵᠦᠢ ᠶᠢᠨ ᠬᠦᠷᠢᠶᠡᠯᠡᠩ ᠦᠨ ᠵᠠᠬᠢᠷᠤᠯ᠂ ᠣᠯᠠᠨ ᠤᠯᠤᠰ ᠤᠨ ᠴᠢᠩᠭᠢᠰ ᠰᠤᠳᠤᠯᠤᠯ ᠤᠨ ᠬᠣᠯᠪᠣᠭᠠᠨ ᠤ ᠶᠡᠷᠦᠩᠬᠡᠶᠢᠯᠡᠭᠴᠢ ᠨᠢᠺᠣᠯᠠᠢ ᠨᠢᠺᠣᠯᠠᠸᠢᠴ ᠺᠷᠠᠳᠢᠨ᠃ ᠲᠡᠷᠡᠪᠡᠷ ᠮᠣᠩᠭᠣᠯ ᠰᠤᠳᠤᠯᠤᠯ ᠤᠨ ᠴᠢᠭᠯᠡᠯ ᠢᠶᠡᠷ 20 ᠭᠠᠷᠤᠢ ᠵᠢᠯ ᠠᠵᠢᠯᠯᠠᠭᠰᠠᠨ ᠪᠥᠭᠡᠳ《ᠾᠦᠩᠨᠤ ᠶᠢᠨ ᠡᠵᠡᠨᠲᠦ ᠤᠯᠤᠰ》ᠰᠡᠳᠦᠪ ᠢᠶᠡᠷ ᠬᠢᠭᠰᠡᠨ ᠰᠤᠳᠤᠯᠭᠠᠨ ᠰᠢᠨᠵᠢᠯᠡᠭᠡᠨ ᠦ ᠠᠵᠢᠯ ᠢᠶᠠᠨ ᠨᠣᠮ ᠪᠣᠯᠭᠠᠨ ᠮᠣᠩᠭᠣᠯ ᠬᠡᠯᠡ ᠪᠡᠷ ᠬᠡᠪᠯᠡᠭᠦᠯᠦᠭᠰᠡᠨ ᠪᠢᠯᠡ᠃

ᠲᠡᠭᠦᠨ ᠡᠴᠡ ᠡᠨᠡ ᠤᠳᠠᠭ᠎ᠠ ᠶᠢᠨ ᠶᠡᠬᠡ ᠬᠤᠷᠠᠯ ᠤᠨ ᠣᠨᠴᠠᠯᠢᠭ᠂ ᠠᠴᠢ ᠬᠣᠯᠪᠣᠭᠳᠠᠯ ᠤᠨ ᠲᠠᠯ᠎ᠠ ᠪᠠᠷ ᠲᠣᠳᠣᠷᠠᠭᠤᠯᠤᠯ᠎ᠠ᠃
– ᠲᠠᠪᠤᠨ ᠵᠢᠯ ᠲᠤᠲᠤᠮ ᠳᠤ ᠵᠣᠬᠢᠶᠠᠨ ᠪᠠᠶᠢᠭᠤᠯᠤᠭᠳᠠᠳᠠᠭ ᠮᠣᠩᠭᠣᠯᠴᠢ ᠡᠷᠳᠡᠮᠲᠡᠳ ᠦᠨ ᠶᠡᠬᠡ ᠤᠯᠢᠮᠫᠢᠺ ᠭᠡᠭᠳᠡᠬᠦ ᠡᠨᠡ ᠬᠤᠷᠠᠯ ᠳᠤ ᠲᠠ ᠳᠦᠷᠪᠡ ᠤᠳᠠᠭ᠎ᠠ ᠣᠷᠣᠯᠴᠠᠵᠠᠢ᠃ ᠡᠨᠡ ᠤᠳᠠᠭ᠎ᠠ ᠶᠢᠨ ᠶᠡᠬᠡ ᠬᠤᠷᠠᠯ ᠤᠨ ᠣᠨᠴᠠᠯᠢᠭ ᠨᠢ ᠶᠠᠭᠤ ᠪᠤᠢ ?
– ᠡᠨᠡ ᠤᠳᠠᠭ᠎ᠠ ᠶᠢᠨ ᠶᠡᠬᠡ ᠬᠤᠷᠠᠯ  ᠲᠠᠪᠤ ᠪᠢᠰᠢ᠂ ᠳᠤᠯᠤᠭᠠᠨ ᠵᠢᠯ ᠦᠨ ᠳᠠᠷᠠᠭ᠎ᠠ ᠪᠣᠯᠵᠤ ᠪᠠᠶᠢᠭ᠎ᠠ ᠶᠤᠮ᠃ ᠳᠡᠯᠡᠬᠡᠢ ᠳᠠᠶᠠᠭᠠᠷ ᠲᠠᠷᠬᠠᠭᠰᠠᠨ ᠴᠠᠷ᠎ᠠ ᠲᠠᠬᠤᠯ ᠠᠴᠠ ᠪᠣᠯᠵᠤ᠂ ᠣᠯᠠᠨ ᠣᠷᠣᠨ ᠤ ᠮᠣᠩᠭᠣᠯᠴᠢ ᠡᠷᠳᠡᠮᠲᠡᠳ ᠪᠡᠶᠡᠴᠢᠯᠡᠨ ᠠᠭᠤᠯᠵᠠᠵᠤ ᠴᠢᠳᠠᠬᠤ ᠦᠭᠡᠢ ᠤᠳᠠᠯ᠎ᠠ᠃ ᠦᠨᠡᠨ ᠢ ᠬᠡᠯᠡᠬᠦ ᠳᠦ ᠡᠷᠳᠡᠮᠲᠡᠳ ᠮᠠᠨᠢ ᠠᠭᠤᠯᠵᠠᠬᠤ ᠶᠢ ᠮᠠᠰᠢ ᠶᠡᠬᠡ ᠬᠦᠰᠡᠵᠦ ᠬᠦᠯᠢᠶᠡᠵᠦ ᠪᠠᠶᠢᠯ᠎ᠠ᠃ ᠲᠡᠶᠢᠮᠦ ᠴᠤ ᠤᠴᠢᠷ ᠠᠴᠠ ᠡᠨᠡ ᠤᠳᠠᠭ᠎ᠠ ᠶᠢᠨ ᠶᠡᠬᠡ ᠬᠤᠷᠠᠯ ᠢᠶᠠᠷ ᠡᠷᠳᠡᠮᠲᠡᠳ ᠮᠠᠨᠢ ᠥᠩᠭᠡᠷᠡᠭᠰᠡᠨ ᠬᠤᠭᠤᠴᠠᠭᠠᠨ ᠳᠤ ᠬᠢᠭᠰᠡᠨ ᠰᠤᠳᠤᠯᠭᠠᠨ ᠤ ᠦᠷ᠎ᠡ ᠳ᠋ᠦᠩ ᠢᠶᠡᠨ ᠲᠠᠨᠢᠯᠴᠠᠭᠤᠯᠵᠤ᠂ ᠰᠠᠨᠠᠯ ᠰᠣᠯᠢᠯᠴᠠᠵᠤ ᠴᠢᠳᠠᠭᠰᠠᠨ ᠨᠢ ᠮᠠᠰᠢ ᠶᠡᠬᠡ ᠴᠢᠬᠤᠯᠠ ᠠᠴᠢ ᠬᠣᠯᠪᠣᠭᠳᠠᠯ ᠲᠠᠢ ᠪᠣᠯᠤᠯ᠎ᠠ᠃ ᠵᠠᠷᠢᠮ ᠨᠢᠭᠡ ᠡᠷᠳᠡᠮᠲᠡᠨ ᠢᠷᠡᠵᠦ ᠴᠢᠳᠠᠭᠰᠠᠨ ᠦᠭᠡᠢ᠃ ᠭᠡᠬᠦ ᠳᠦ ᠪᠡᠨ ᠯᠠ ᠣᠯᠠᠨ ᠤᠯᠤᠰ ᠤᠨ ᠬᠠᠮᠤᠭ ᠤᠨ ᠨᠡᠷ᠎ᠡᠲᠡᠢ ᠮᠣᠩᠭᠣᠯᠴᠢ ᠡᠷᠳᠡᠮᠲᠡᠳ ᠬᠤᠷᠠᠨ ᠴᠤᠭᠯᠠᠵᠤ ᠶᠡᠬᠡ ᠬᠤᠷᠠᠯ ᠢᠶᠠᠨ ᠬᠢᠯ᠎ᠡ᠃ ᠡᠨᠡ ᠶᠡᠬᠡ ᠬᠤᠷᠠᠯ ᠤᠨ ᠨᠢᠭᠡᠨ ᠣᠨᠴᠠᠯᠢᠭ ᠪᠣᠯ ᠵᠠᠯᠠᠭᠤ ᠮᠣᠩᠭᠣᠯ ᠰᠤᠳᠤᠯᠤᠭᠠᠴᠢᠳ ᠤᠨ ᠰᠠᠯᠪᠤᠷᠢ ᠬᠤᠷᠠᠯᠳᠤᠭᠠᠨ ᠢ ᠵᠣᠬᠢᠶᠠᠨ ᠪᠠᠶᠢᠭᠤᠯᠤᠭᠰᠠᠨ ᠶᠠᠪᠤᠳᠠᠯ᠃ ᠵᠠᠯᠠᠭᠤ ᠰᠤᠳᠤᠯᠤᠭᠠᠴᠢᠳ ᠪᠣᠯ ᠪᠢᠳᠡᠨ ᠢ ᠢᠷᠡᠭᠡᠳᠦᠢ ᠳᠦ ᠵᠠᠯᠭᠠᠮᠵᠢᠯᠠᠬᠤ ᠬᠦᠮᠦᠰ ᠶᠤᠮ ᠰᠢᠦ ᠳ᠋ᠡ᠃
– ᠣᠯᠠᠨ ᠤᠯᠤᠰ ᠤᠨ ᠮᠣᠩᠭᠣᠯ ᠰᠤᠳᠤᠯᠤᠯ ᠤᠨ ᠬᠣᠯᠪᠣᠭ᠎ᠠ ᠥᠩᠭᠡᠷᠡᠭᠰᠡᠨ ᠳᠤᠯᠤᠭᠠᠨ ᠵᠢᠯ ᠳᠦ ᠬᠢᠷᠢ ᠦᠷ᠎ᠡ ᠪᠦᠲᠦᠭᠡᠯ ᠲᠡᠢ ᠠᠵᠢᠯᠯᠠᠭᠰᠠᠨ ᠪᠤᠢ ?
– ᠥᠩᠭᠡᠷᠡᠭᠰᠡᠨ ᠳᠤᠯᠤᠭᠠᠨ ᠵᠢᠯ ᠪᠣᠯ ᠣᠯᠠᠨ ᠤᠯᠤᠰ ᠤᠨ ᠮᠣᠩᠭᠣᠯ ᠰᠤᠳᠤᠯᠤᠯ ᠤᠨ ᠬᠣᠯᠪᠣᠭᠠᠨ ᠤ ᠬᠤᠪᠢ ᠳᠤ ᠠᠮᠠᠷ ᠦᠭᠡᠢ ᠴᠠᠭ ᠦᠶ᠎ᠡ ᠪᠠᠶᠢᠯ᠎ᠠ᠃ ᠪᠢᠳᠡ ᠪᠡᠶᠡᠴᠢᠯᠡᠨ ᠠᠭᠤᠯᠵᠠᠬᠤ ᠪᠣᠯᠤᠮᠵᠢ ᠦᠭᠡᠢ ᠪᠠᠶᠢᠪᠠ᠃ ᠡᠷᠳᠡᠮᠲᠡᠳ ᠦᠨ ᠬᠣᠯᠪᠣᠭ᠎ᠠ ᠬᠠᠷᠢᠯᠴᠠᠭ᠎ᠠ ᠦᠨᠳᠦᠰᠦᠨ ᠳᠦ ᠪᠡᠨ ᠲᠠᠰᠤᠯᠳᠠᠭᠰᠠᠨ ᠲᠡᠶᠢᠮᠦ ᠠᠮᠠᠷ ᠦᠭᠡᠢ ᠴᠠᠭ ᠦᠶ᠎ᠡ᠃ ᠡᠶᠢᠮᠦ ᠤᠴᠢᠷ ᠠᠴᠠ ᠡᠨᠡ ᠪᠦᠭᠦᠳᠡ ᠶᠢ ᠡᠬᠢᠨ ᠡᠴᠡ ᠨᠢ ᠳᠠᠬᠢᠨ ᠰᠡᠷᠭᠦᠭᠡᠬᠦ ᠬᠡᠷᠡᠭᠲᠡᠢ ᠪᠣᠯᠤᠭᠰᠠᠨ᠃ ᠮᠢᠨᠦ ᠦᠵᠡᠵᠦ ᠪᠠᠶᠢᠭ᠎ᠠ ᠪᠠᠷ ᠡᠨᠡ ᠤᠳᠠᠭ᠎ᠠ ᠶᠢᠨ ᠮᠣᠩᠭᠣᠯᠴᠢ ᠡᠷᠳᠡᠮᠲᠡᠳ ᠦᠨ ᠠᠷᠪᠠᠨ ᠬᠤᠶᠠᠳᠤᠭᠠᠷ ᠶᠡᠬᠡ ᠬᠤᠷᠠᠯ ᠢ ᠮᠠᠰᠢ ᠥᠨᠳᠥᠷ ᠲᠦᠪᠰᠢᠨ ᠳᠦ ᠵᠣᠬᠢᠶᠠᠨ ᠪᠠᠶᠢᠭᠤᠯᠤᠯ᠎ᠠ᠃

ᠪᠢ ᠮᠣᠩᠭᠣᠯᠴᠢ ᠡᠷᠳᠡᠮᠲᠡᠳ ᠦᠨ ᠶᠡᠬᠡ ᠬᠤᠷᠠᠯ ᠳᠤ ᠰᠡᠭᠦᠯ ᠦᠨ 20 ᠭᠠᠷᠤᠢ ᠵᠢᠯ ᠣᠷᠣᠯᠴᠠᠵᠤ ᠪᠠᠶᠢᠨ᠎ᠠ᠃ ᠣᠯᠠᠨ ᠵᠢᠯ ᠦᠨ ᠲᠤᠷᠰᠢᠯᠭ᠎ᠠ ᠲᠠᠢ ᠬᠦᠮᠦᠨ ᠦ ᠬᠤᠪᠢ ᠳᠤ ᠬᠡᠯᠡᠬᠦ ᠳᠦ ᠡᠨᠡ ᠤᠳᠠᠭ᠎ᠠ ᠶᠢᠨ ᠶᠡᠬᠡ ᠬᠤᠷᠠᠯ ᠪᠣᠯ ᠮᠢᠨᠦ ᠣᠷᠣᠯᠴᠠᠵᠤ ᠪᠠᠶᠢᠭᠰᠠᠨ ᠪᠤᠰᠤᠳ ᠶᠡᠬᠡ ᠬᠤᠷᠠᠯ ᠠᠴᠠ ᠬᠠᠮᠤᠭ ᠤᠨ ᠰᠠᠶᠢᠨ ᠨᠢ ᠪᠣᠯᠵᠤ ᠥᠩᠭᠡᠷᠡᠯ᠎ᠡ᠃ ᠪᠤᠰᠤᠳ ᠡᠷᠳᠡᠮᠲᠡᠳ᠂ ᠣᠷᠣᠯᠴᠠᠭᠴᠢᠳ ᠮᠠᠨᠢ ᠴᠤ ᠭᠡᠰᠡᠨ ᠨᠠᠳᠠ ᠲᠠᠢ ᠰᠠᠨᠠᠯ ᠨᠢᠭᠡ ᠪᠠᠶᠢᠬᠤ ᠭᠡᠵᠦ ᠪᠣᠳᠣᠵᠤ ᠪᠠᠶᠢᠨ᠎ᠠ᠃ ᠵᠣᠬᠢᠶᠠᠨ ᠪᠠᠶᠢᠭᠤᠯᠤᠯᠲᠠ ᠶᠢᠨ ᠬᠤᠪᠢ ᠳᠤ ᠦᠨᠡᠬᠡᠷ ᠰᠠᠶᠢᠨ ᠪᠣᠯᠤᠯ᠎ᠠ᠃
– ᠣᠯᠠᠨ ᠤᠯᠤᠰ ᠤᠨ ᠮᠣᠩᠭᠣᠯ ᠰᠤᠳᠤᠯᠤᠯ ᠤᠨ ᠬᠣᠯᠪᠣᠭ᠎ᠠ ᠡᠨᠡ ᠶᠡᠬᠡ ᠬᠤᠷᠠᠯ ᠤᠨ ᠦᠶ᠎ᠡ ᠪᠡᠷ ᠡᠭᠡᠯᠵᠢᠲᠦ ᠰᠣᠩᠭᠣᠭᠤᠯᠢ ᠪᠠᠨ ᠶᠠᠪᠤᠭᠤᠯᠵᠤ ᠰᠢᠨ᠎ᠡ ᠲᠡᠷᠢᠭᠦᠨ ᠢᠶᠡᠨ ᠰᠣᠩᠭᠣᠯ᠎ᠠ᠃ ᠰᠣᠩᠭᠣᠭᠤᠯᠢ ᠬᠢᠷᠢ ᠰᠢᠳᠤᠷᠭᠤ ᠪᠣᠯᠪᠡ᠂ ᠶᠠᠮᠠᠷ ᠬᠦᠮᠦᠰ ᠢ ᠰᠣᠩᠭᠣᠭᠰᠠᠨ ᠪᠤᠢ ?
– ᠣᠯᠠᠨ ᠤᠯᠤᠰ ᠤᠨ ᠮᠣᠩᠭᠣᠯ ᠰᠤᠳᠤᠯᠤᠯ ᠤᠨ ᠬᠣᠯᠪᠣᠭᠠᠨ ᠤ ᠶᠡᠷᠦᠩᠬᠡᠶᠢᠯᠡᠭᠴᠢ᠂ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠨᠠᠷ ᠤᠨ ᠡᠭᠡᠯᠵᠢᠲᠦ ᠰᠣᠩᠭᠣᠭᠤᠯᠢ ᠪᠣᠯᠵᠤ ᠰᠢᠨ᠎ᠡ ᠤᠳᠤᠷᠢᠳᠤᠯᠭ᠎ᠠ ᠪᠠᠨ ᠰᠣᠩᠭᠣᠯ᠎ᠠ᠃ ᠡᠨᠡ ᠪᠣᠯ ᠬᠣᠯᠪᠣᠭᠠᠨ ᠤ ᠪᠠᠲᠤᠯᠠᠭᠰᠠᠨ ᠳᠦᠷᠢᠮ ᠦᠨ ᠳᠠᠭᠠᠤ ᠪᠣᠯᠤᠭᠰᠠᠨ ᠰᠣᠩᠭᠣᠭᠤᠯᠢ᠃ ᠬᠣᠯᠪᠣᠭᠠᠨ ᠤ ᠶᠡᠷᠦᠩᠬᠡᠶᠢᠯᠡᠭᠴᠢ᠂ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠨᠠᠷ ᠢ ᠲᠠᠪᠤᠨ ᠵᠢᠯ ᠦᠨ ᠬᠤᠭᠤᠴᠠᠭ᠎ᠠ ᠲᠠᠢ ᠰᠣᠩᠭᠣᠳᠠᠭ ᠲᠣᠭᠲᠠᠭᠰᠠᠨ ᠳᠦᠷᠢᠮ ᠲᠡᠢ᠃ ᠲᠡᠷᠡ ᠳᠦᠷᠢᠮ ᠦᠨ ᠳᠠᠭᠠᠤ ᠰᠣᠩᠭᠣᠭᠰᠠᠨ ᠶᠤᠮ᠃ ᠲᠡᠭᠦᠨ ᠡᠴᠡ ᠠᠵᠢᠯ ᠢᠶᠠᠨ ᠮᠠᠭᠤ ᠬᠢᠭᠡᠳ  ᠤᠭᠴᠤᠷᠠᠵᠤ ᠪᠠᠶᠢᠭ᠎ᠠ ᠬᠡᠷᠡᠭ ᠪᠢᠰᠢ ᠯᠠ ᠳ᠋ᠡ᠃

ᠬᠣᠯᠪᠣᠭᠠᠨ ᠤ ᠭᠡᠰᠢᠭᠦᠳ ᠢᠶᠡᠷ ᠳᠡᠯᠡᠬᠡᠢ ᠳᠠᠶᠠᠭᠠᠷ ᠲᠠᠷᠬᠠᠨ ᠪᠠᠶᠢᠷᠢᠰᠢᠭᠰᠠᠨ ᠮᠣᠩᠭᠣᠯ ᠰᠤᠳᠤᠯᠤᠯ ᠤᠨ ᠲᠣᠮᠣᠬᠠᠨ ᠲᠥᠪ ᠦᠳ ᠦᠨ ᠰᠢᠯᠢᠳᠡᠭ ᠡᠷᠳᠡᠮᠲᠡᠳ ᠰᠣᠩᠭᠣᠭᠳᠠᠭᠰᠠᠨ᠃ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠠᠷ ᠫᠷᠣᠹᠧᠰᠰᠣᠷ ᠳ∙ᠵᠠᠶᠠᠭᠠᠪᠠᠭᠠᠲᠤᠷ᠂ ᠶᠡᠷᠦᠩᠬᠡᠶᠢᠯᠡᠭᠴᠢ ᠪᠡᠷ ᠶᠠᠫᠣᠨ ᠤ ᠠᠨᠲᠷᠣᠫᠣᠯᠣᠭᠢᠴᠢ᠂ ᠨᠡᠷᠡᠲᠦ ᠡᠷᠳᠡᠮᠲᠡᠨ ᠶᠤᠺᠢ ᠺᠤᠨᠠᠭᠠᠶᠠ ᠶᠢ ᠰᠣᠩᠭᠣᠯ᠎ᠠ᠃ ᠮᠢᠨᠦ ᠪᠣᠳᠣᠯ ᠢᠶᠠᠷ ᠲᠤᠩ ᠵᠥᠪ ᠰᠢᠢᠳᠪᠦᠷᠢ ᠪᠣᠯᠤᠭᠰᠠᠨ᠃ ᠶᠤᠺᠢ ᠺᠤᠨᠠᠭᠠᠶᠠ ᠪᠣᠯ ᠳᠡᠯᠡᠬᠡᠢ ᠳᠦ ᠠᠯᠳᠠᠷᠲᠠᠢ ᠲᠣᠮᠣᠬᠠᠨ ᠰᠤᠳᠤᠯᠤᠭᠠᠴᠢ ᠶᠤᠮ᠃
ᠰᠡᠭᠦᠯ ᠦᠨ ᠳᠤᠯᠤᠭᠠᠨ ᠵᠢᠯ ᠣᠯᠠᠨ ᠤᠯᠤᠰ ᠤᠨ ᠮᠣᠩᠭᠣᠯ ᠰᠤᠳᠤᠯᠤᠯ ᠤᠨ ᠬᠣᠯᠪᠣᠭᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠠᠷ ᠰ∙ᠴᠢᠯᠠᠭᠤᠨ ᠠᠺᠠᠳᠧᠮᠢᠴᠢ ᠠᠵᠢᠯᠯᠠᠵᠤ ᠪᠠᠶᠢᠭᠰᠠᠨ᠃ ᠲᠡᠷᠡ ᠬᠠᠵᠠᠭᠤ ᠪᠠᠷ ᠨᠢ︽ᠴᠢᠩᠭᠢᠰ ᠬᠠᠭᠠᠨ︾ᠦᠨᠳᠦᠰᠦᠨ ᠦ ᠮᠦᠽᠧᠢ ᠶᠢ ᠪᠠᠶᠢᠭᠤᠯᠵᠤ ᠠᠵᠢᠯᠯᠠᠭᠰᠠᠨ᠃ ᠲᠤᠩ ᠰᠠᠶ᠋ᠢᠬᠠᠨ ᠨᠡᠭᠡᠭᠡᠭᠳᠡᠭᠰᠡᠨ︽ᠴᠢᠩᠭᠢᠰ ᠬᠠᠭᠠᠨ︾ᠮᠦᠽᠧᠢ ᠪᠣᠯ ᠮᠠᠰᠢ ᠭᠠᠶᠢᠬᠠᠯᠲᠠᠢ ᠰᠠᠶᠢᠬᠠᠨ ᠮᠦᠽᠧᠢ ᠪᠣᠯᠤᠭᠰᠠᠨ᠃ ᠮᠠᠨ ᠤ ᠶᠡᠬᠡ ᠬᠤᠷᠠᠯ ᠤᠨ ᠲᠥᠯᠥᠭᠡᠯᠡᠭᠴᠢᠳ ᠪᠦᠭᠦᠳᠡ ᠦᠵᠡᠭᠰᠡᠨ᠃ ᠡᠨᠡ ᠪᠣᠯ ᠨᠦᠰᠡᠷ ᠲᠣᠮᠣ ᠬᠡᠮᠵᠢᠶᠡᠨ ᠦ ᠠᠵᠢᠯ ᠪᠠᠶᠢᠭᠰᠠᠨ ᠨᠢ ᠮᠡᠳᠡᠭᠡᠵᠢ᠃︽ᠴᠢᠩᠭᠢᠰ ᠬᠠᠭᠠᠨ︾ᠮᠦᠽᠧᠢ ᠪᠣᠯ ᠨᠡᠭᠦᠳᠡᠯ ᠦᠨ ᠰᠤᠶᠤᠯ ᠢᠷᠭᠡᠨᠰᠢᠯ ᠦᠨ ᠳᠡᠯᠡᠬᠡᠢ ᠶᠢᠨ ᠬᠠᠮᠤᠭ ᠤᠨ ᠰᠢᠯᠢᠳᠡᠭ ᠮᠦᠽᠧᠢ ᠪᠣᠯᠤᠭᠠᠳ ᠵᠣᠭᠰᠣᠭ᠎ᠠ ᠦᠭᠡᠢ᠂ ᠮᠣᠩᠭᠣᠯᠴᠤᠳ ᠤᠨ ᠰᠤᠶᠤᠯ᠂ ᠲᠡᠦᠬᠡ ᠶᠢᠨ ᠬᠤᠪᠢ ᠳᠤ ᠣᠷᠣᠭᠤᠯᠤᠭᠰᠠᠨ ᠲᠣᠮᠣ ᠬᠤᠪᠢ ᠨᠡᠮᠡᠷᠢ ᠶᠤᠮ᠃

ᠮᠢᠨᠦ ᠦᠵᠡᠵᠦ ᠪᠤᠢ ᠪᠠᠷ ᠴᠢᠯᠠᠭᠤᠨ ᠠᠺᠠᠳᠧᠮᠢᠴᠢ ᠶᠢᠨ ᠡᠨᠡ ᠭᠠᠪᠢᠶ᠎ᠠ ᠳᠠᠩ ᠭᠠᠭᠴᠠ ᠮᠦᠽᠧᠢ ᠶᠢᠨ ᠵᠠᠬᠢᠷᠤᠯ ᠤᠨ ᠬᠤᠪᠢ ᠳᠤ ᠲᠡᠳᠦᠢ ᠦᠭᠡᠢ᠂ ᠮᠣᠩᠭᠣᠯ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠭᠡᠰᠢᠭᠦᠨ ᠦ ᠬᠤᠪᠢ ᠳᠤ᠂ ᠣᠯᠠᠨ ᠤᠯᠤᠰ ᠤᠨ ᠮᠣᠩᠭᠣᠯ ᠰᠤᠳᠤᠯᠤᠯ ᠤᠨ ᠬᠣᠯᠪᠣᠭᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠶᠢᠨ ᠬᠤᠪᠢ ᠪᠠᠷ ᠣᠷᠣᠭᠤᠯᠤᠭᠰᠠᠨ ᠲᠣᠮᠣ ᠬᠤᠪᠢ ᠨᠡᠮᠡᠷᠢ ᠪᠣᠯᠤᠭᠰᠠᠨ᠃ ᠲᠡᠭᠦᠨ ᠦ ᠬᠢᠭᠰᠡᠨ ᠡᠨᠡ ᠦᠢᠯᠡ ᠬᠡᠷᠡᠭ ᠢ ᠰᠢᠨ᠎ᠡ ᠪᠡᠷ ᠰᠣᠩᠭᠣᠭᠳᠠᠭᠰᠠᠨ ᠤᠳᠤᠷᠢᠳᠤᠯᠭ᠎ᠠ ᠨᠠᠷ ᠮᠠᠨᠢ ᠨᠡᠷ᠎ᠡ ᠬᠦᠨᠳᠦᠲᠡᠢ ᠦᠷᠭᠦᠯᠵᠢᠯᠡᠭᠦᠯᠵᠦ᠂ ᠣᠯᠠᠨ ᠤᠯᠤᠰ ᠤᠨ ᠮᠣᠩᠭᠣᠯᠴᠢ ᠡᠷᠳᠡᠮᠲᠡᠳ ᠢ ᠥᠪᠡᠷ ᠬᠣᠭᠣᠷᠣᠨᠳᠣ ᠪᠠᠨ ᠬᠣᠯᠪᠣᠭ᠎ᠠ ᠲᠣᠭᠲᠠᠭᠠᠬᠤ᠂ ᠡᠷᠳᠡᠮ᠂ ᠰᠢᠨᠵᠢᠯᠡᠭᠡᠨ ᠰᠤᠳᠤᠯᠭᠠᠨ ᠤ ᠠᠵᠢᠯ ᠳᠤ ᠲᠣᠮᠣᠬᠠᠨ ᠬᠤᠪᠢ ᠨᠡᠮᠡᠷᠢ ᠣᠷᠣᠭᠤᠯᠤᠨ᠎ᠠ ᠭᠡᠳᠡᠭ ᠲᠦ ᠢᠲᠡᠭᠡᠵᠦ ᠪᠠᠶᠢᠨ᠎ᠠ᠃

 

ᠰᠡᠳᠬᠢᠭᠳᠡᠯ ᠦᠯᠡᠳᠡᠭᠡᠬᠦ