ᠮᠣᠩᠭᠣᠯ ᠤᠯᠤᠰ ᠤᠨ ᠵᠠᠰᠠᠭ ᠤᠨ ᠭᠠᠵᠠᠷ ᠤᠨ ᠭᠡᠰᠢᠭᠦᠨ᠂ ᠪᠠᠲᠤᠯᠠᠨ ᠬᠠᠮᠠᠭᠠᠯᠠᠬᠤ ᠶᠢᠨ ᠰᠠᠶᠢᠳ ᠭ ∙ ᠰᠠᠶᠢᠬᠠᠨᠪᠠᠶᠠᠷ ᠣᠷᠣᠰ ᠤᠨ ᠬᠣᠯᠪᠣᠭᠠᠨ ᠤ ᠤᠯᠤᠰ ᠲᠤ ᠨᠠᠢ᠌ᠮᠠᠳᠤᠭᠠᠷ ᠰᠠᠷ᠎ᠠ ᠶᠢᠨ 14-16 ᠤ ᠡᠳᠦᠷ ᠦᠳ ᠲᠦ ᠠᠵᠢᠯ ᠤᠨ ᠠᠶᠢᠯᠴᠢᠯᠠᠯ ᠬᠢᠵᠦ᠂ ᠲᠤᠰ ᠤᠯᠤᠰ ᠲᠤ ᠵᠣᠬᠢᠶᠠᠨ ᠪᠠᠶᠢᠭᠤᠯᠤᠭᠳᠠᠭᠰᠠᠨ ᠣᠯᠠᠨ ᠤᠯᠤᠰ ᠤᠨ ᠠᠶᠤᠯᠭᠦᠢ ᠪᠠᠶᠢᠳᠠᠯ ᠤᠨ ᠮᠣᠰᠺᠸᠠ ᠶᠢᠨ ᠠᠷᠪᠠᠨ ᠨᠢᠭᠡᠳᠦᠭᠡᠷ ᠪᠠᠭ᠎ᠠ ᠬᠤᠷᠠᠯ ᠳᠤ ᠣᠷᠣᠯᠴᠠᠭᠰᠠᠨ ᠶᠤᠮ᠃
ᠤᠭ ᠬᠤᠷᠠᠯ ᠳᠤ ᠭᠠᠳᠠᠭᠠᠳᠤ ᠶᠢᠨ 76 ᠣᠷᠣᠨ ᠤ 800 ᠭᠠᠷᠤᠢ ᠲᠥᠯᠥᠭᠡᠯᠡᠭᠴᠢ᠂ ᠲᠡᠷᠡ ᠳᠤᠮᠳᠠ ᠪᠠᠨ 29 ᠤᠯᠤᠰ ᠤᠨ ᠪᠠᠲᠤᠯᠠᠨ ᠬᠠᠮᠠᠭᠠᠯᠠᠬᠤ ᠶᠢᠨ ᠰᠠᠶᠢᠳ ᠨᠠᠷ ᠪᠡᠶᠡᠴᠢᠯᠡᠨ ᠤᠷᠤᠯᠴᠠᠪᠠ᠃ᠰᠠᠶᠢᠳ ᠭ ∙ ᠰᠠᠶᠢᠬᠠᠨᠪᠠᠶᠠᠷ ᠬᠤᠷᠠᠯ ᠳᠤ ᠤᠷᠤᠯᠴᠠᠬᠤ ᠦᠶ᠎ᠡ ᠪᠡᠷ ᠢᠶᠡᠨ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠪᠠᠲᠤᠯᠠᠨ ᠬᠠᠮᠠᠭᠠᠯᠠᠬᠤ ᠶᠢᠨ ᠰᠠᠶᠢᠳ᠂ ᠪᠦᠭᠦᠳᠡ ᠨᠠᠶᠢᠷᠠᠮᠳᠠᠬᠤ ᠰᠣᠴᠢᠶᠠᠯᠢᠰᠲ ᠸᠢᠶᠧᠲ᠋ᠨᠠᠮ ᠤᠯᠤᠰ ᠤᠨ ᠪᠠᠲᠤᠯᠠᠨ ᠬᠠᠮᠠᠭᠠᠯᠠᠬᠤ ᠶᠢᠨ ᠰᠠᠶᠢᠳ᠂ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠯᠠᠦ᠋ᠰ ᠠᠷᠠᠳ ᠤᠯᠤᠰ ᠤᠨ ᠪᠠᠲᠤᠯᠠᠨ ᠬᠠᠮᠠᠭᠠᠯᠠᠬᠤ ᠶᠢᠨ ᠣᠷᠣᠯᠠᠭᠴᠢ ᠰᠠᠶᠢᠳ ᠨᠠᠷ ᠲᠠᠢ ᠲᠤᠰ ᠲᠤᠰ ᠠᠭᠤᠯᠵᠠᠵᠤ᠂ ᠬᠣᠶᠠᠷ ᠤᠯᠤᠰ ᠤᠨ ᠪᠠᠲᠤᠯᠠᠨ ᠬᠠᠮᠠᠭᠠᠯᠠᠬᠤ ᠰᠠᠯᠪᠤᠷᠢ ᠶᠢᠨ ᠣᠳᠣ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠴᠢᠨᠠᠭᠰᠢᠳᠠ ᠶᠢᠨ ᠬᠥᠭᠵᠢᠯ ᠦᠨ ᠲᠠᠯ᠎ᠠ ᠪᠠᠷ ᠰᠠᠨᠠᠯ ᠰᠣᠯᠢᠯᠴᠠᠯ᠎ᠠ᠃
ᠮᠥᠨ ᠣᠷᠣᠰ ᠤᠨ ᠪᠠᠲᠤᠯᠠᠨ ᠬᠠᠮᠠᠭᠠᠯᠠᠬᠤ ᠶᠢᠨ ᠰᠠᠶᠢᠳ ᠠᠷᠮᠢ ᠶᠢᠨ ᠭᠧᠨᠧᠷᠠᠯ ᠰ ∙ ᠺ ∙ᠱᠤᠢᠭᠤ᠋ ᠲᠠᠢ ᠬᠣᠶᠠᠷ ᠲᠠᠯ᠎ᠠ ᠶᠢᠨ ᠠᠭᠤᠯᠵᠠᠯᠲᠠ ᠬᠡᠯᠡᠯᠴᠡᠭᠡᠷ ᠬᠢᠵᠦ᠂ ᠬᠣᠶᠠᠷ ᠣᠷᠣᠨ ᠤ ᠴᠡᠷᠢᠭ᠂ ᠴᠡᠷᠢᠭ ᠲᠧᠭᠨᠢᠭ ᠦᠨ ᠬᠠᠮᠲᠤ ᠶᠢᠨ ᠠᠵᠢᠯᠯᠠᠭᠠᠨ ᠤ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠤᠯᠢᠯᠴᠠᠪᠠ᠃ ᠰᠠᠶᠢᠳ ᠨᠠᠷ ᠮᠣᠩᠭᠣᠯ᠂ ᠣᠷᠣᠰ ᠤᠨ ᠴᠡᠷᠢᠭ ᠦᠨ ᠬᠠᠮᠲᠤ ᠶᠢᠨ ᠠᠵᠢᠯᠯᠠᠭᠠᠨ ᠤ ᠥᠨᠥ ᠶᠢᠨ ᠶᠠᠪᠤᠴᠠ ᠶᠢ ᠳ᠋ᠦᠩᠨᠡᠵᠦ᠂ ᠬᠠᠷᠢᠯᠴᠠᠭᠠᠨ ᠤ ᠬᠥᠭᠵᠢᠯ ᠦᠨ ᠴᠢᠨᠠᠭᠰᠢᠳᠠ ᠶᠢᠨ ᠲᠥᠯᠥᠪ ᠦᠨ ᠲᠠᠯ᠎ᠠ ᠪᠠᠷ᠂ ᠲᠡᠷᠡ ᠳᠤᠮᠳᠠ ᠪᠠᠨ 2024 ᠣᠨ ᠳᠤ ᠲᠣᠬᠢᠶᠠᠬᠤ ︽ᠬᠠᠯᠬ᠎ᠠ ᠭᠣᠣᠯ ᠤᠨ ᠪᠠᠶᠢᠯᠳᠤᠭᠠᠨ︾ ᠤ ᠢᠯᠠᠯᠲᠠ ᠶᠢᠨ 85 ᠵᠢᠯ ᠦᠨ ᠣᠢ ᠶᠢ ᠬᠠᠮᠲᠤᠷᠠᠨ ᠲᠡᠮᠳᠡᠭᠯᠡᠬᠦ ᠠᠵᠢᠯ ᠤᠨ ᠬᠦᠷᠢᠶᠡᠨ ᠳᠦ ᠬᠡᠷᠡᠭᠵᠢᠭᠦᠯᠬᠦ ᠠᠷᠭ᠎ᠠ ᠬᠡᠮᠵᠢᠶ᠎ᠡ ᠨᠦᠭᠦᠳ ᠦᠨ ᠲᠠᠯ᠎ᠠ ᠪᠠᠷ ᠣᠨᠴᠠᠯᠠᠨ ᠶᠠᠷᠢᠯᠴᠠᠪᠠ᠃