ᠥᠰᠪᠦᠷᠢ ᠶᠢᠨ ᠲᠡᠭᠦᠯᠳᠡᠷ ᠬᠤᠭᠤᠷᠴᠢᠳ ᠤᠨ ᠤᠯᠤᠰ ᠤᠨ ᠤᠷᠤᠯᠳᠤᠭᠠᠨ ᠪᠣᠯᠤᠨ᠎ᠠ | News.MN

ᠥᠰᠪᠦᠷᠢ ᠶᠢᠨ ᠲᠡᠭᠦᠯᠳᠡᠷ ᠬᠤᠭᠤᠷᠴᠢᠳ ᠤᠨ ᠤᠯᠤᠰ ᠤᠨ ᠤᠷᠤᠯᠳᠤᠭᠠᠨ ᠪᠣᠯᠤᠨ᠎ᠠ

《ᠠᠪᠢᠶᠠᠰᠯᠢᠭ ᠬᠥᠭᠵᠢᠮᠴᠢᠨ-4》ᠥᠰᠪᠦᠷᠢ ᠶᠢᠨ ᠲᠡᠭᠦᠯᠳᠡᠷ ᠬᠤᠭᠤᠷᠴᠢᠳ ᠤᠨ ᠤᠯᠤᠰ ᠤᠨ ᠤᠷᠤᠯᠳᠤᠭᠠᠨ ᠢ ᠶᠢᠰᠦᠳᠦᠭᠡᠷ ᠰᠠᠷ᠎ᠠ ᠶᠢᠨ 9᠂ 10  ᠤ ᠡᠳᠦᠷ ᠬᠣᠪᠳᠣ ᠠᠶᠢᠮᠠᠭ ᠲᠤ ᠵᠣᠬᠢᠶᠠᠨ ᠪᠠᠶᠢᠭᠤᠯᠤᠨ᠎ᠠ᠃ ᠲᠤᠰ ᠤᠷᠤᠯᠳᠤᠭᠠᠨ ᠳᠤ 4-17 ᠨᠠᠰᠤᠨ ᠤ ᠲᠡᠭᠦᠯᠳᠡᠷ ᠬᠤᠭᠤᠷ ᠬᠥᠭᠵᠢᠮ ᠲᠣᠭᠯᠠᠳᠠᠭ᠂ ᠰᠣᠨᠢᠷᠬᠠᠨ ᠬᠢᠴᠢᠶᠡᠯᠯᠡᠵᠦ ᠪᠤᠢ ᠬᠡᠦᠬᠡᠳ ᠦᠳ ᠤᠷᠤᠯᠴᠠᠬᠤ ᠪᠣᠯᠤᠮᠵᠢ ᠲᠠᠢ᠃
ᠡᠨᠡ ᠬᠦ ᠤᠷᠤᠯᠳᠤᠭᠠᠨ ᠢ ᠡᠮᠦᠨ᠎ᠡ ᠨᠢ ᠪᠠᠷᠠᠭᠤᠨ ᠪᠥᠰᠡ ᠶᠢᠨ ᠬᠡᠮᠵᠢᠶᠡᠨ ᠳᠦ ᠭᠤᠷᠪᠠᠨ ᠤᠳᠠᠭ᠎ᠠ ᠠᠮᠵᠢᠯᠲᠠᠲᠠᠢ ᠵᠣᠬᠢᠶᠠᠨ ᠪᠠᠶᠢᠭᠤᠯᠤᠭᠰᠠᠨ ᠪᠣᠯ ᠡᠨᠡ ᠤᠳᠠᠭ᠎ᠠ ᠵᠥᠪᠬᠡᠨ ᠪᠠᠷᠠᠭᠤᠨ ᠪᠥᠰᠡ ᠪᠢᠰᠢ᠂ ᠤᠯᠤᠰ ᠤᠨ ᠤᠷᠤᠯᠳᠤᠭᠠᠨ ᠪᠣᠯᠭᠠᠵᠤ᠂ ᠥᠷᠭᠡᠳᠬᠡᠬᠦ ᠪᠡᠷ ᠰᠢᠢᠳᠪᠦᠷᠢᠯᠡᠭᠰᠡᠨ ᠪᠠᠶᠢᠨ᠎ᠠ᠃  ᠡᠢᠨ ᠬᠦ ᠢᠷᠡᠬᠦ ᠰᠠᠷ᠎ᠠ ᠳᠤ ᠬᠣᠪᠳᠣ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠶᠢᠨ ᠢᠪᠡᠭᠡᠯ ᠳᠣᠣᠷ᠎ᠠ᠂ 《Seven melodies》 ᠲᠡᠭᠦᠯᠳᠡᠷ ᠬᠤᠭᠤᠷ᠂ ᠬᠥᠭᠵᠢᠮ ᠦᠨ ᠰᠤᠷᠭᠠᠯᠲᠠ ᠶᠢᠨ ᠲᠥᠪ ᠪᠠᠢᠭᠤᠯᠤᠭᠳᠠᠭᠰᠠᠨ 10 ᠵᠢᠯ ᠦᠨ ᠣᠢ ᠶᠢᠨ ᠬᠦᠷᠢᠶᠡᠨ ᠳᠦ ᠤᠷᠤᠯᠳᠤᠭᠠᠨ ᠪᠤᠯᠤᠨ᠎ᠠ᠃

ᠰᠡᠳᠬᠢᠭᠳᠡᠯ ᠦᠯᠡᠳᠡᠭᠡᠬᠦ