ᠦᠨᠳᠦᠰᠦᠨ ᠦ ᠴᠣᠮᠣ ᠶᠢᠨ ᠡᠵᠡᠨ ᠢᠶᠡᠷ ᠤᠪᠰᠤ ᠠᠶᠢᠮᠠᠭ ᠤᠨ ᠪᠠᠭ ᠰᠢᠯᠭᠠᠷᠠᠯ᠎ᠠ | News.MN

ᠦᠨᠳᠦᠰᠦᠨ ᠦ ᠴᠣᠮᠣ ᠶᠢᠨ ᠡᠵᠡᠨ ᠢᠶᠡᠷ ᠤᠪᠰᠤ ᠠᠶᠢᠮᠠᠭ ᠤᠨ ᠪᠠᠭ ᠰᠢᠯᠭᠠᠷᠠᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ᠵᠣᠬᠢᠶᠠᠨ ᠪᠠᠶᠢᠭᠤᠯᠤᠭᠳᠠᠭᠰᠠᠨ︽ᠦᠨᠳᠦᠰᠦᠨ ᠦ ᠴᠣᠮᠣ》 21 ᠠᠶᠢᠮᠠᠭ ᠤᠨ ᠠᠪᠤᠷᠭᠤ ᠰᠢᠯᠭᠠᠷᠠᠭᠤᠯᠬᠤ ᠬᠥᠯ ᠪᠥᠮᠪᠥᠭᠡ ᠶᠢᠨ ᠲᠡᠮᠡᠴᠡᠭᠡᠨ ᠳᠡᠭᠡᠳᠦ ᠱᠠᠲᠤ ᠪᠣᠯᠤᠨ ᠨᠢᠭᠡᠳᠦᠭᠡᠷ ᠱᠠᠲᠤᠨ ᠤ ᠲᠡᠮᠡᠴᠡᠭᠡᠨ ᠶᠢᠰᠦᠨ ᠡᠳᠦᠷ ᠦᠨ ᠲᠤᠷᠰᠢ ᠦᠷᠭᠦᠯᠵᠢᠯᠡᠵᠦ ᠥᠩᠭᠡᠷᠡᠭᠰᠡᠨ ᠪᠢᠮᠪᠠ ᠭᠠᠷᠠᠭ ᠲᠤ ᠠᠪᠤᠷᠭᠤ ᠨᠤᠭᠤᠳ ᠢᠶᠠᠨ ᠲᠣᠳᠣᠷᠠᠭᠤᠯᠤᠯ᠎ᠠ᠃ ᠲᠡᠮᠡᠴᠡᠭᠡᠨ ᠳᠦ 15 ᠪᠠᠭ ᠤᠨ 300 ᠭᠠᠷᠤᠢ ᠲᠠᠮᠢᠷᠴᠢᠳ ᠬᠤᠷᠳᠤ᠂ ᠬᠦᠴᠦ ᠪᠡᠨ ᠰᠣᠷᠢᠭᠰᠠᠨ ᠪᠥᠭᠡᠳ ᠳᠡᠭᠡᠳᠦ ᠱᠠᠲᠤᠨ ᠤ ᠠᠪᠤᠷᠭᠤ ᠪᠠᠭ︽ᠦᠨᠳᠦᠰᠦᠨ ᠦ ᠴᠣᠮᠣ》  ᠶᠢᠨ ᠡᠵᠡᠨ ᠢᠶᠡᠷ ᠫ ∙ ᠪᠤᠶᠠᠨᠬᠡᠰᠢᠭ ᠳᠠᠰᠬᠠᠯᠵᠢᠭᠤᠯᠤᠭᠴᠢ ᠲᠠᠢ ᠤᠪᠰᠤ ᠠᠶᠢᠮᠠᠭ ᠤᠨ ᠰᠢᠭᠰᠢᠭᠡ ᠪᠠᠭ ᠰᠢᠯᠭᠠᠷᠠᠯ᠎ᠠ᠃
ᠮᠥᠩᠭᠥᠨ ᠮᠧᠳᠠᠯ ᠤᠨ ᠡᠵᠡᠨ ᠢᠶᠡᠷ ᠰ ∙ ᠵᠢᠷᠭᠠᠯᠰᠠᠶᠢᠬᠠᠨ ᠳᠠᠰᠬᠠᠯᠵᠢᠭᠤᠯᠤᠭᠴᠢ ᠲᠠᠢ ᠳᠠᠷᠬᠠᠨ-ᠠᠭᠤᠯᠠ ᠠᠶᠢᠮᠠᠭ ᠤᠨ ᠪᠠᠭ᠂ ᠬᠦᠷᠡᠯ ᠮᠧᠳᠠᠯ ᠤᠨ ᠡᠵᠡᠨ ᠢᠶᠡᠷ ᠮ ∙ ᠰᠡᠷᠭᠦᠯᠡᠩ ᠳᠠᠰᠬᠠᠯᠵᠢᠭᠤᠯᠤᠭᠴᠢ ᠲᠠᠢ ᠣᠷᠬᠣᠨ ᠠᠶᠢᠮᠠᠭ ᠤᠨ ᠪᠠᠭ ᠲᠠᠮᠢᠷᠴᠢᠳ ᠲᠣᠳᠣᠷᠠᠵᠤ ᠡᠨᠡ ᠣᠨ ᠤ ᠦᠨᠳᠦᠰᠦᠨ ᠦ ᠴᠣᠮᠣ ᠶᠢᠨ ᠰᠢᠯᠢᠳᠡᠭ ᠦᠳ ᠪᠣᠯᠤᠯ᠎ᠠ᠃

ᠰᠡᠳᠬᠢᠭᠳᠡᠯ ᠦᠯᠡᠳᠡᠭᠡᠬᠦ